ᠬᠠᠷ᠎ᠠ ᠲᠠᠮᠠᠬᠢᠨ ᠤ ᠬᠡᠷᠡᠭ ᠢᠶᠡᠷ ᠭᠠᠳᠠᠭᠠᠳᠤ ᠪᠠᠭᠰᠢ ᠪᠠᠷᠢᠭᠳᠠᠪᠠ  | News.MN

ᠬᠠᠷ᠎ᠠ ᠲᠠᠮᠠᠬᠢᠨ ᠤ ᠬᠡᠷᠡᠭ ᠢᠶᠡᠷ ᠭᠠᠳᠠᠭᠠᠳᠤ ᠪᠠᠭᠰᠢ ᠪᠠᠷᠢᠭᠳᠠᠪᠠ 

ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠭᠠᠵᠠᠷ ᠤᠨ ᠠᠯᠪᠠ ᠬᠠᠭᠠᠭᠴᠢᠳ ᠤᠷᠵᠢᠳᠤᠷ ︵09.16︶ 06.45 ᠴᠠᠭ ᠲᠤ ᠭᠦᠢᠴᠡᠳᠭᠡᠬᠦ ᠠᠵᠢᠯᠯᠠᠭ᠎ᠠ ᠶᠠᠪᠤᠭᠤᠯᠤᠨ ᠶᠡᠬᠡ  ᠪᠷᠢᠲ᠋ᠠᠨ ᠤᠮᠠᠷᠠᠳᠤ ᠠᠶᠢᠷᠯᠠᠨᠳ᠋ ᠍ ᠤᠨ ᠨᠢᠭᠡᠳᠦᠭᠰᠡᠨ ᠸᠠᠩᠲᠤ ᠤᠯᠤᠰ ᠤᠨ ᠢᠷᠭᠡᠨ᠂ 41 ᠨᠠᠰᠤᠲᠠᠢ᠂ ᠡᠷᠡᠭᠲᠡᠢ C ᠢ ᠪᠠᠷᠢᠪᠴᠢᠯᠠᠭᠰᠠᠨ ᠪᠢᠯᠡ᠃  ᠲᠡᠷᠡ ᠪᠡᠶ᠎ᠡ ᠳᠦ ᠪᠡᠨ ᠬᠠᠷ᠎ᠠ ᠲᠠᠮᠠᠬᠢᠨ ᠤ ᠲᠥᠷᠥᠯ ᠦᠨ ᠪᠣᠳᠠᠰ ᠲᠠᠢ ᠶᠠᠪᠤᠭᠰᠠᠨ ᠪᠥᠭᠡᠳ ᠥᠩᠭᠡᠷᠡᠭᠰᠡᠨ ᠨᠠᠢᠮᠠᠳᠤᠭᠠᠷ ᠰᠠᠷ᠎ᠠ ᠳᠤ ᠭᠠᠳᠠᠭᠠᠳᠤ ᠬᠡᠯᠡᠨ ᠦ ᠭᠦᠨᠵᠡᠭᠡᠶᠢᠷᠡᠭᠦᠯᠦᠭᠰᠡᠨ ᠰᠤᠷᠭᠠᠯᠲᠠ ᠲᠠᠢ᠂  ᠬᠤᠪᠢ ᠶᠢᠨ ᠳᠤᠮᠳᠠᠳᠤ ᠰᠤᠷᠭᠠᠭᠤᠯᠢ ᠳᠤ ᠪᠠᠭᠰᠢᠯᠠᠬᠤ ᠪᠠᠷ ᠮᠣᠩᠭᠣᠯ ᠤᠯᠤᠰ ᠲᠤ ᠢᠷᠡᠭᠰᠡᠨ ᠪᠠᠶᠢᠨ᠎ᠠ᠃ ᠡᠬᠢ ᠰᠤᠷᠪᠤᠯᠵᠢ ᠶᠢᠨ ᠬᠡᠯᠡᠵᠦ ᠪᠤᠢ ᠪᠠᠷ ᠲᠤᠬᠠᠢ ᠶᠢᠨ ᠢᠷᠭᠡᠨ ᠠᠵᠢᠯ ᠤᠨ ᠪᠠᠶᠢᠷᠢᠨ ᠳᠡᠭᠡᠷ᠎ᠡ ᠪᠡᠨ ᠪᠤᠶᠤ ᠰᠤᠷᠤᠭᠴᠢᠳ ᠲᠤ ᠬᠢᠴᠢᠶᠡᠯ ᠵᠢᠭᠠᠵᠤ ᠪᠠᠶᠢᠬᠤ ᠦᠶ᠎ᠡ ᠳᠦ ᠪᠡᠨ ᠮᠠᠩᠰᠢᠭᠤᠷᠠᠭᠤᠯᠬᠤ ᠲᠥᠷᠥᠯ ᠦᠨ ᠪᠣᠳᠠᠰ ᠬᠡᠷᠡᠭᠯᠡᠳᠡᠭ ᠪᠠᠶᠢᠭᠰᠠᠨ ᠪᠠᠶᠢᠬᠤ ᠮᠠᠭᠠᠳᠯᠠᠯ ᠲᠠᠢ ᠠᠵᠢ᠃ ᠲᠡᠭᠦᠨ ᠢ Royal academy ᠍ ᠲᠠᠢ ᠠᠯᠪᠠᠨ ᠶᠣᠰᠣᠭᠠᠷ ᠬᠠᠮᠲᠤᠷᠠᠨ ᠠᠵᠢᠯᠯᠠᠬᠤ ᠭᠡᠷ᠎ᠡ ᠪᠠᠶᠢᠭᠤᠯᠤᠨ ᠪᠠᠭᠰᠢᠯᠠᠬᠤ ᠭᠡᠵᠦ ᠪᠠᠶᠢᠭᠰᠠᠨ ᠭᠡᠬᠦ ᠮᠡᠳᠡᠭᠡᠯᠡᠯ ᠪᠤᠢ᠃ ᠡᠭᠦᠨ ᠡᠴᠡ ᠭᠠᠳᠠᠨ᠎ᠠ ᠬᠠᠮᠤᠭ ᠤᠨ ᠨᠣᠴᠢᠲᠠᠢ ᠨᠢ ᠲᠡᠷᠡ 2016 ᠣᠨ ᠳᠤ ᠮᠠᠨ ᠤ ᠤᠯᠤᠰ ᠤᠨ ᠭᠠᠳᠠᠭᠠᠳᠤ ᠬᠡᠯᠡᠨ ᠦ ᠰᠤᠷᠭᠠᠯᠲᠠ ᠲᠠᠢ᠂ ᠥᠨᠳᠥᠷ ᠲᠥᠯᠥᠪᠦᠷᠢ ᠲᠡᠢ ᠬᠤᠪᠢ ᠶᠢᠨ ᠰᠤᠷᠭᠠᠭᠤᠯᠢ ᠳᠤ ᠪᠠᠭᠰᠢ ᠪᠠᠷ ᠠᠵᠢᠯᠯᠠᠵᠤ ᠪᠠᠶᠢᠵᠠᠢ ᠃
ᠭᠠᠳᠠᠭᠠᠳᠤ ᠢᠷᠭᠡᠨ ᠢ ᠪᠠᠷᠢᠪᠴᠢᠯᠠᠬᠤ ᠳᠤ DJ  ᠤᠨ ᠬᠡᠷᠡᠭᠰᠡᠯ᠂ ᠺᠤᠮᠫᠢᠦ᠋ᠲᠸᠷ ᠂ ᠴᠢᠬᠢᠪᠴᠢ ᠵᠡᠷᠭᠡ ᠲᠣᠨᠣᠭ ᠲᠥᠬᠥᠭᠡᠷᠦᠮᠵᠢ᠂ ᠮᠥᠨ ᠣᠯᠠᠨ ᠲᠣᠭᠠᠨ ᠤ ᠪᠡᠯᠭᠡᠪᠴᠢ᠂ ᠪᠡᠯᠭᠡ ᠶᠢᠨ ᠴᠢᠯᠬ᠎ᠠ ᠰᠠᠶᠢᠵᠢᠷᠠᠭᠤᠯᠬᠤ ᠡᠮ ᠦᠳ  ᠪᠠᠶᠢᠵᠠᠢ᠃ ᠤᠭ ᠭᠠᠳᠠᠭᠠᠳᠤ ᠤᠯᠤᠰ ᠤᠨ ᠢᠷᠭᠡᠨ ᠳᠦ ᠬᠣᠯᠪᠣᠭᠳᠠᠭᠤᠯᠤᠨ ᠡᠷᠡᠭᠦᠦ ᠶᠢᠨ ᠬᠡᠷᠡᠭ ᠡᠭᠦᠰᠬᠡᠵᠦ᠂ ᠶᠠᠯᠠᠯᠠᠭᠳᠠᠭᠴᠢ ᠪᠠᠷ ᠲᠠᠲᠠᠨ ᠰᠢᠯᠭᠠᠯᠲᠠ ᠶᠢᠨ ᠠᠵᠢᠯᠯᠠᠭ᠎ᠠ ᠶᠢ ᠶᠠᠪᠤᠭᠤᠯᠵᠤ ᠪᠠᠶᠢᠭ᠎ᠠ ᠪᠥᠭᠡᠳ ᠰᠢᠭᠦᠬᠦ ᠡᠴᠡ  ︽ᠬᠢᠯᠢ ᠶᠢᠨ ᠬᠣᠷᠢᠭ ᠲᠠᠯᠪᠢᠬᠤ︾ ᠲᠠᠰᠤᠯᠤᠨ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠶᠤᠮ᠃

ᠰᠡᠳᠬᠢᠭᠳᠡᠯ ᠦᠯᠡᠳᠡᠭᠡᠬᠦ