IMF  ᠤᠨ ᠰᠠᠩᠬᠦᠦ ᠶᠢᠨ ᠳᠡᠮᠵᠢᠯᠭᠡ 2021 ᠣᠨ ᠳᠤ ᠳᠠᠭᠤᠰᠤᠨ᠎ᠠ   | News.MN

 IMF  ᠤᠨ ᠰᠠᠩᠬᠦᠦ ᠶᠢᠨ ᠳᠡᠮᠵᠢᠯᠭᠡ 2021 ᠣᠨ ᠳᠤ ᠳᠠᠭᠤᠰᠤᠨ᠎ᠠ  

ᠣᠯᠠᠨ ᠤᠯᠤᠰ ᠤᠨ ᠸᠠᠯᠢᠶᠤᠲ ᠤᠨ ᠰᠠᠩ ᠤᠨ ᠠᠵᠢᠯ ᠤᠨ ᠬᠡᠰᠡᠭ 2019 ᠣᠨ ᠤ ᠵᠢᠷᠭᠤᠳᠤᠭᠠᠷ ᠰᠠᠷ᠎ᠠ ᠶᠢᠨ 19-28 ᠍  ᠳᠤ ᠮᠣᠩᠭᠣᠯ ᠤᠯᠤᠰ ᠲᠤ ᠠᠵᠢᠯᠯᠠᠭᠰᠠᠨ ᠪᠥᠭᠡᠳ ᠠᠵᠢᠯ ᠤᠨ ᠬᠡᠰᠡᠭ ᠦᠨ ᠳ᠋ᠦᠩᠨᠡᠯᠲᠡ ᠶᠢᠨ ᠳᠠᠭᠠᠤ ᠲᠤᠰ ᠰᠠᠩ ᠤᠨ ᠤᠳᠤᠷᠢᠳᠬᠤ ᠵᠥᠪᠯᠡᠯ ᠠᠯᠪᠠᠨ ᠶᠣᠰᠣᠭᠠᠷ ᠬᠡᠯᠡᠯᠴᠡᠭᠡ ᠶᠢ ᠳ᠋ᠦᠩᠨᠡᠨ ᠮᠡᠳᠡᠭᠡᠯᠡᠯ ᠭᠠᠷᠭᠠᠵᠠᠢ᠃ ᠤᠭ ᠠᠯᠪᠠᠨ ᠮᠡᠳᠡᠭᠡᠨ ᠳᠦ ᠮᠣᠩᠭᠣᠯ ᠤᠯᠤᠰ ᠡᠳ᠋ ᠍ ᠦᠨ ᠵᠠᠰᠠᠭ ᠤᠨ ᠬᠦᠨᠳᠦᠷᠡᠯ ᠡᠴᠡ ᠡᠷᠭᠢᠨ ᠰᠡᠷᠭᠦᠵᠦ ᠪᠠᠶᠢᠭ᠎ᠠ ᠭᠡᠳ 2019 ᠣᠨ ᠤ ᠡᠬᠢᠨ ᠦ ᠬᠠᠭᠠᠰ ᠵᠢᠯ ᠳᠦ ᠡᠳ᠋ ᠍ ᠦᠨ ᠵᠠᠰᠠᠭ ᠤᠨ ᠥᠰᠦᠯᠲᠡ 8.6 ᠬᠤᠪᠢ ᠳᠤ ᠬᠦᠷᠦᠭᠰᠡᠨ ᠪᠣᠯ 2018 ᠣᠨ ᠠᠴᠠ ᠲᠥᠰᠥᠪ ᠦᠨ ᠲᠡᠩᠴᠡᠯ ᠠᠰᠢᠭᠲᠠᠢ ᠭᠠᠷᠴᠤ ᠡᠬᠢᠯᠡᠭᠰᠡᠨ ᠭᠡᠵᠦ ᠣᠨᠴᠠᠯᠠᠭᠰᠠᠨ ᠪᠠᠶᠢᠨ᠎ᠠ᠃ ᠮᠥᠨ ᠭᠠᠳᠠᠭᠠᠳᠤ ᠸᠠᠯᠢᠶᠤᠲ ᠤᠨ ᠠᠯᠪᠠᠨ ᠨᠥᠭᠡᠴᠡ 2016 ᠣᠨ ᠠᠴᠠ ᠬᠣᠶᠢᠰᠢ 2.5 ᠲᠡᠷᠪᠤᠮ ᠳ᠋ᠣᠯᠯᠠᠷ ᠢᠶᠠᠷ ᠥᠰᠦᠭᠰᠡᠨ ᠭᠡᠰᠡᠨ ᠭᠣᠣᠯ ᠲᠤᠭ᠎ᠠ ᠨᠤᠭᠤᠳ ᠢ ᠳᠤᠷᠠᠳᠴᠠᠢ᠃

︽ᠬᠡᠳᠦᠢ ᠲᠡᠶᠢᠮᠦ ᠪᠣᠯᠪᠠᠴᠤ ᠮᠣᠩᠭᠣᠯ ᠤᠯᠤᠰ ᠤᠨ ᠡᠳ᠋ ᠍ ᠦᠨ ᠵᠠᠰᠠᠭ ᠭᠠᠳᠠᠭᠠᠳᠤ ᠡᠮᠵᠡᠭ ᠬᠡᠪ ᠢᠶᠡᠷ ᠪᠠᠶᠢᠨ᠎ᠠ᠃ ᠤᠴᠢᠷ ᠨᠢ ᠭᠠᠳᠠᠭᠠᠳᠤ ᠥᠷᠢ ᠶᠢᠨ ᠬᠡᠮᠵᠢᠶ᠎ᠡ ᠥᠨᠳᠥᠷ᠂ ᠡᠳ᠋ ᠍ ᠦᠨ ᠵᠠᠰᠠᠭ ᠲᠦᠭᠦᠬᠡᠢ ᠡᠳ᠋ ᠍ ᠦᠨ ᠡᠺᠰᠫᠣᠷᠲ ᠠᠴᠠ ᠶᠡᠬᠡᠬᠡᠨ ᠬᠠᠮᠢᠶᠠᠷᠤᠯ ᠲᠠᠢ ᠪᠠᠶᠢᠭ᠎ᠠ ᠭᠡᠵᠦ ᠣᠨᠴᠠᠯᠠᠵᠠᠢ᠃ ᠲᠤᠰ ᠤᠳᠤᠷᠢᠳᠬᠤ ᠵᠥᠪᠯᠡᠯ ᠡᠴᠡ ᠮᠣᠩᠭᠣᠯ ᠤᠯᠤᠰ ᠨᠥᠭᠡᠴᠡ ᠪᠡᠨ ᠨᠡᠮᠡᠭᠳᠡᠭᠦᠯᠬᠦ ᠪᠣᠳᠣᠯᠭ᠎ᠠ ᠪᠠᠨ ᠦᠷᠭᠦᠯᠵᠢᠯᠡᠭᠦᠯᠬᠦ᠂ ᠰᠠᠪᠠᠯᠠᠯᠭ᠎ᠠ ᠶᠢ ᠪᠠᠭᠤᠷᠠᠭᠤᠯᠬᠤ᠂ ︽ᠨᠣᠭᠣᠭᠠᠨ ᠡᠳ᠋ ᠍ ᠦᠨ ᠵᠠᠰᠠᠭ︾ ᠍ ᠦᠨ ᠥᠰᠦᠯᠲᠡ ᠶᠢ ᠳᠡᠮᠵᠢᠬᠦ ᠱᠠᠭᠠᠷᠳᠠᠯᠭ᠎ᠠ ᠲᠠᠢ ᠬᠡᠮᠡᠨ ᠵᠥᠪᠯᠡᠵᠦ ᠪᠠᠶᠢᠭ᠎ᠠ ᠪᠠᠨ ᠬᠡᠪᠯᠡᠯ ᠦᠨ ᠮᠡᠳᠡᠭᠡᠨ ᠳᠦ ᠦᠭᠦᠯᠡᠵᠡᠢ᠃ ᠲᠡᠭᠦᠨᠴᠢᠯᠡᠨ ︽ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ︾ ᠶᠢᠨ ᠬᠦᠷᠢᠶᠡᠨ ᠳᠦ ᠬᠢᠭᠳᠡᠵᠦ ᠪᠤᠢ  ᠵᠢᠷᠭᠤᠳᠠᠬᠢ ᠱᠠᠲᠤᠨ ᠤ ᠦᠨᠡᠯᠡᠭᠡ ᠶᠢ ᠳᠠᠭᠤᠰᠬᠠᠬᠤ ᠶᠢᠨ ᠲᠤᠯᠠᠳᠠ ᠬᠢᠵᠦ ᠪᠤᠢ ᠰᠠᠩᠬᠦᠦ ᠶᠢᠨ ᠰᠠᠯᠪᠤᠷᠢ ᠶᠢᠨ ᠷᠧᠹᠤᠷᠮ ᠢ ᠭᠦᠢᠴᠡᠭᠡᠬᠦ ᠶᠢ ᠳᠡᠮᠵᠢᠵᠦ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ