ᠬᠤᠪᠢᠰᠬᠠᠯᠲᠤ  ᠨᠠᠮ ᠮᠡᠳᠡᠭᠳᠡᠯ ᠬᠢᠯ᠎ᠡ  | News.MN

   ᠬᠤᠪᠢᠰᠬᠠᠯᠲᠤ  ᠨᠠᠮ ᠮᠡᠳᠡᠭᠳᠡᠯ ᠬᠢᠯ᠎ᠡ 

ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠤᠳᠤᠷᠢᠳᠤᠯᠭ᠎ᠠ ᠨᠠᠷ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠬᠢᠵᠦ᠂ ᠤᠯᠤᠰ ᠤᠨ ᠶᠡᠬᠡ ᠬᠤᠷᠠᠯ ᠢ  ᠲᠠᠷᠬᠠᠭᠠᠬᠤ ᠱᠠᠭᠠᠷᠳᠠᠯᠭ᠎ᠠ ᠬᠦᠷᠭᠡᠭᠦᠯᠵᠦ ᠪᠠᠶᠢᠭ᠎ᠠ ᠪᠠᠨ ᠮᠡᠳᠡᠭᠳᠡᠯ᠎ᠡ᠃
ᠡᠨᠡ ᠲᠤᠬᠠᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠳᠠᠷᠤᠭ᠎ᠠ ᠨ∙ᠡᠩᠬᠡᠪᠠᠶᠠᠷ᠄ ᠥᠨᠥ ᠶᠢᠨ ᠤᠯᠤᠰ ᠲᠥᠷᠥ ᠠᠵᠢᠯᠯᠠᠬᠤ ᠴᠢᠳᠠᠮᠵᠢ ᠦᠭᠡᠢ ᠭᠡᠳᠡᠭ ᠢ ᠪᠢᠳᠡ ᠡᠮᠦᠨ᠎ᠡ ᠨᠢ ᠬᠡᠳᠦᠨᠲᠡ ᠬᠡᠯᠡᠵᠦ ᠪᠠᠶᠢᠭᠰᠠᠨ᠃ ᠴᠠᠭ ᠬᠤᠭᠤᠴᠠᠭ᠎ᠠ ᠥᠩᠭᠡᠷᠡᠬᠦ ᠲᠤᠰᠤᠮ ᠤᠯᠤᠰ ᠤᠨ ᠶᠡᠬᠡ ᠬᠤᠷᠠᠯ ᠠᠵᠢᠯᠯᠠᠬᠤ ᠴᠢᠳᠠᠮᠵᠢ ᠦᠭᠡᠢ ᠭᠡᠳᠡᠭ ᠢᠶᠡᠨ ᠪᠠᠲᠤᠯᠠᠵᠤ ᠪᠠᠶᠢᠨ᠎ᠠ᠃ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠠᠩᠬᠠᠨ ᠠᠴᠠ ᠪᠠᠨ ᠬᠠᠤᠯᠢ ᠪᠤᠰᠤ ᠪᠠᠶᠢᠭᠰᠠᠨ᠃ ᠬᠠᠤᠯᠢ ᠪᠤᠰᠤ ᠵᠦᠢᠯ ᠡᠴᠡ ᠪᠡᠨ ᠥᠪᠡᠷᠰᠡᠳ ᠢᠶᠡᠨ ᠪᠤᠯᠲᠠᠬᠤ ᠶᠢᠨ ᠲᠤᠯᠠᠳᠠ ᠠᠷᠠᠳ ᠲᠦᠮᠡᠨ ᠡᠴᠡ ᠠᠰᠠᠭᠤᠬᠤ ᠨᠡᠷᠡᠶᠢᠳᠦᠯ ᠢᠶᠡᠷ ᠠᠷᠠᠳ ᠲᠦᠮᠡᠨ ᠢ ᠬᠠᠮ ᠬᠡᠷᠡᠭᠲᠡᠨ ᠪᠣᠯᠭᠠᠬᠤ ᠭᠡᠵᠦ ᠪᠠᠶᠢᠭ᠎ᠠ ᠶᠢ ᠮᠠᠨ ᠤ ᠨᠠᠮ ᠡᠰᠡᠷᠭᠦᠴᠡᠵᠦ ᠪᠠᠶᠢᠨ᠎ᠠ᠃ ᠡᠶᠢᠮᠦ ᠤᠯᠤᠰ ᠤᠨ ᠶᠡᠬᠡ ᠬᠤᠷᠠᠯ ᠲᠠᠷᠬᠠᠭᠰᠠᠨ ᠨᠢ ᠳᠡᠭᠡᠷ᠎ᠡ᠃ ᠥᠪᠡᠷᠰᠡᠳ ᠲᠦ ᠨᠢ ᠬᠣᠬᠢᠷᠠᠯ ᠲᠠᠢ ᠭᠡᠵᠦ ᠦᠵᠡᠭᠰᠡᠨ᠂ ᠬᠠᠷᠢᠨ ᠠᠷᠠᠳ ᠲᠦᠮᠡᠨ ᠳᠦ ᠬᠡᠷᠡᠭ ᠲᠡᠢ ᠠᠰᠠᠭᠤᠳᠠᠯ ᠤᠳ ᠢ ᠬᠡᠯᠡᠯᠴᠡᠬᠦ ᠡᠴᠡ ᠠᠶᠤᠭᠰᠠᠨ ᠳᠤ ᠪᠠᠨ ᠡᠬᠡ ᠪᠠᠷᠢᠭᠴᠢᠳ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠲᠥᠰᠥᠯ ᠢ ᠪᠠᠷᠢᠵᠤ ᠠᠪᠤᠭᠰᠠᠨ᠃ ᠶᠠᠭᠠᠬᠢᠭᠠᠳ ᠭᠡᠪᠡᠯ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢ ᠬᠡᠯᠡᠯᠴᠡᠵᠦ ᠡᠬᠢᠯᠡᠭᠰᠡᠨ ᠪᠣᠯ ᠥᠭᠡᠷ᠎ᠡ ᠠᠰᠠᠭᠤᠳᠠᠯ ᠬᠡᠯᠡᠯᠴᠡᠳᠡᠭ ᠦᠭᠡᠢ ᠵᠢᠷᠤᠮ ᠲᠠᠢ᠃ ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭ᠎ᠠ ᠪᠦᠬᠦᠯᠢ ᠳᠦ ᠪᠡᠨ ᠠᠷᠠᠳ ᠲᠦᠮᠡᠨ ᠦ ᠠᠰᠢᠭ ᠰᠣᠨᠢᠷᠬᠠᠯ ᠤᠨ  ᠡᠰᠡᠷᠭᠦ᠂ ᠬᠠᠤᠯᠢ ᠵᠥᠷᠢᠴᠡᠭᠰᠡᠨ᠂ ᠶᠣᠰᠣ ᠵᠦᠢ ᠦᠭᠡᠢ ᠠᠵᠢᠯᠯᠠᠭ᠎ᠠ ᠪᠣᠯᠵᠤ ᠪᠠᠶᠢᠨ᠎ᠠ᠃ ᠶᠡᠷᠦᠩᠬᠡᠢ ᠰᠠᠶᠢᠳ ᠤ᠊∙ᠬᠦᠷᠡᠯᠰᠦ᠋ᠬᠡ ᠤᠯᠤᠰ ᠤᠨ ᠶᠡᠬᠡ ᠬᠤᠷᠠᠯ ᠢ ᠲᠠᠷᠬᠠᠭᠠᠬᠤ ᠪᠠᠷ ᠬᠥᠭᠡᠭᠡᠴᠡᠯᠳᠦᠵᠦ ᠪᠠᠶᠢᠭ᠎ᠠ ᠶᠤᠮ ᠪᠢᠯᠡ᠃ ᠡᠭᠦᠨ ᠦ ᠴᠠᠭᠠᠨ᠎ᠠ ᠦᠨᠡᠬᠡᠷ ᠰᠢᠳᠤᠷᠭᠤ ᠶᠣᠰᠣ ᠶᠢ ᠲᠣᠭᠲᠠᠭᠠᠬᠤ ᠭᠡᠰᠡᠨ ᠰᠣᠨᠢᠷᠬᠠᠯ ᠪᠠᠶᠢᠨ᠎ᠠ ᠤᠤ ᠡᠰᠡᠪᠡᠯ ᠯᠤᠶᠢᠪᠠᠷ ᠪᠤᠯᠢᠬᠠᠢ  ᠪᠠᠨ ᠨᠢᠭᠤᠨ ᠳᠠᠷᠤᠭᠳᠠᠭᠤᠯᠬᠤ ᠭᠡᠰᠡᠨ ᠠᠷᠴᠠᠭ᠎ᠠ ᠦᠭᠡᠢ ᠣᠷᠣᠯᠳᠤᠯᠭ᠎ᠠ ᠪᠠᠶᠢᠨ᠎ᠠ ᠤᠤ ᠭᠡᠳᠡᠭ ᠨᠢ ᠡᠷᠡᠭᠡᠯᠵᠡᠭᠡ ᠲᠡᠢ ᠭᠡᠯ᠎ᠡ᠃

ᠰᠡᠳᠬᠢᠭᠳᠡᠯ ᠦᠯᠡᠳᠡᠭᠡᠬᠦ