ᠢᠷᠦᠭᠡ ᠰᠤᠮᠤ ᠶᠢᠨ ᠵᠠᠰᠠᠭ ᠳᠠᠷᠤᠭ᠎ᠠ ᠶᠢ ᠰᠠᠭᠠᠲᠠᠭᠤᠯᠵᠠᠢ  | News.MN

ᠢᠷᠦᠭᠡ ᠰᠤᠮᠤ ᠶᠢᠨ ᠵᠠᠰᠠᠭ ᠳᠠᠷᠤᠭ᠎ᠠ ᠶᠢ ᠰᠠᠭᠠᠲᠠᠭᠤᠯᠵᠠᠢ 

ᠰᠡᠯᠡᠩᠭᠡ ᠠᠶᠢᠮᠠᠭ ᠤᠨ ᠢᠷᠦᠭᠡ ᠰᠤᠮᠤ ᠶᠢᠨ ᠵᠠᠰᠠᠭ ᠳᠠᠷᠤᠭ᠎ᠠ ᠮ∙ᠭᠠᠩᠪᠠᠭᠠᠲᠤᠷ ᠢ ᠤᠷᠢᠳᠤ ᠰᠥᠨᠢ ᠠᠯᠪᠠᠳᠠᠨ ᠰᠠᠭᠠᠲᠠᠭᠤᠯᠵᠤ᠂ ᠤᠯᠠᠭᠠᠨᠪᠠᠭᠠᠲᠤᠷ ᠲᠤ ᠠᠪᠴᠢᠷᠠᠵᠤ ᠬᠣᠷᠢᠭᠰᠠᠨ ᠭᠡᠬᠦ ᠮᠡᠳᠡᠭᠡᠯᠡᠯ ᠪᠠᠶᠢᠨ᠎ᠠ᠃ ᠲᠡᠷᠡᠪᠡᠷ ᠡᠷᠬᠡ ᠮᠡᠳᠡᠯ᠂ ᠠᠯᠪᠠᠨ ᠲᠤᠰᠢᠶᠠᠯ ᠢᠶᠠᠨ ᠤᠷᠪᠠᠭᠤᠯᠤᠨ ᠠᠰᠢᠭᠯᠠᠵᠤ᠂ ᠠᠯᠲᠠ ᠣᠯᠪᠤᠷᠢᠯᠠᠬᠤ 92 ᠲᠤᠰᠬᠠᠢ ᠵᠥᠪᠰᠢᠶᠡᠷᠡᠯ ᠢ ᠳᠤᠷ᠎ᠠ ᠮᠡᠳᠡᠨ ᠠᠵᠤ ᠠᠬᠤᠢ ᠨᠢᠭᠡᠴᠡ᠂ ᠺᠣᠮᠫᠠᠨᠢ ᠨᠤᠭᠤᠳ ᠲᠤ ᠣᠯᠭᠤᠵᠠᠢ᠃ ᠡᠭᠦᠨ ᠦ ᠤᠯᠠᠮ ᠠᠴᠠ ᠰᠡᠯᠡᠩᠭᠡ ᠶᠢᠨ ᠵᠠᠯᠠᠭᠤ ᠨᠠᠷᠠᠰᠤ᠂ ᠬᠤᠰᠤᠨ ᠣᠢ ᠰᠦᠢᠳᠬᠦ ᠬᠡᠮᠵᠢᠶᠡᠨ ᠳᠦ ᠬᠦᠷᠦᠭᠰᠡᠨ ᠲᠤᠬᠠᠢ ᠢᠷᠭᠡᠳ ᠶᠠᠷᠢᠵᠤ ᠪᠠᠶᠢᠨ᠎ᠠ᠃

ᠡᠨᠡ ᠰᠠᠷ᠎ᠠ ᠶᠢᠨ 16-17 ᠳ᠋ᠥ  ᠪᠠᠶᠢᠭᠠᠯᠢ ᠤᠷᠴᠢᠨ ᠤ ᠰᠠᠶᠢᠳ ᠨ∙ ᠴᠡᠷᠡᠩᠪᠠᠲᠤ ᠪᠠᠷ ᠠᠬᠠᠯᠠᠭᠤᠯᠤᠭᠰᠠᠨ  ᠲᠠᠩᠨᠠᠭᠤᠯ ᠤᠨ ᠶᠡᠷᠦᠩᠬᠡᠢ᠂ ᠴᠠᠭᠳᠠᠭ᠎ᠠ ᠶᠢᠨ ᠶᠡᠷᠦᠩᠬᠡᠢ ᠭᠠᠵᠠᠷ᠂  ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ᠂  ᠠᠰᠢᠭᠲᠤ ᠮᠠᠯᠲᠠᠮᠠᠯ ᠤᠨ ᠭᠠᠵᠠᠷ ᠠᠴᠠ ᠲᠥᠯᠥᠭᠡᠯᠡᠯ ᠣᠷᠣᠯᠴᠠᠭᠰᠠᠨ ᠠᠵᠢᠯ ᠤᠨ ᠬᠡᠰᠡᠭ ᠬᠠᠤᠯᠢ ᠪᠠᠷ ᠬᠣᠷᠢᠭᠯᠠᠭᠰᠠᠨ ᠭᠠᠵᠠᠷ ᠲᠤ ᠣᠯᠪᠤᠷᠢᠯᠠᠯᠲᠠ ᠶᠠᠪᠤᠭᠤᠯᠵᠤ᠂ ᠪᠠᠶᠢᠭᠠᠯᠢ ᠡᠺᠤᠯᠤᠭᠢ ᠶᠢᠨ ᠲᠡᠩᠴᠡᠪᠦᠷᠢᠲᠦ ᠪᠠᠶᠢᠳᠠᠯ ᠢ ᠠᠯᠳᠠᠭᠳᠠᠭᠤᠯᠵᠤ ᠪᠤᠢ ᠠᠵᠤ ᠠᠬᠤᠢ ᠨᠢᠭᠡᠴᠡ ᠨᠦᠭᠦᠳ ᠦᠨ ᠦᠢᠯᠡ ᠠᠢᠯᠯᠠᠭ᠎ᠠ ᠶᠢ ᠵᠣᠭᠰᠣᠭᠠᠵᠤ᠂ ᠲᠤᠰᠬᠠᠢ ᠵᠥᠪᠰᠢᠶᠡᠷᠡᠯ ᠢ ᠴᠤᠴᠠᠯᠠᠬᠤ ᠰᠢᠢᠳᠪᠦᠷᠢ ᠭᠠᠷᠤᠭᠰᠠᠨ ᠶᠤᠮ ᠃ ᠡᠨᠡ ᠦᠶ᠎ᠡ ᠪᠡᠷ ᠠᠭᠤᠶᠢᠲᠤ ᠬᠡᠮᠡᠬᠦ ᠭᠠᠵᠠᠷ ᠠᠴᠠ 40 ᠭᠠᠷᠤᠢ ᠬᠤᠪᠢ ᠪᠠᠷ ᠢᠶᠠᠨ ᠠᠯᠲᠠ ᠣᠯᠪᠤᠷᠢᠯᠠᠭᠴᠢᠳ ᠢ ᠬᠣᠷᠢᠵᠤ ᠰᠠᠭᠠᠲᠠᠭᠤᠯᠵᠠᠢ᠃

ᠰᠡᠳᠬᠢᠭᠳᠡᠯ ᠦᠯᠡᠳᠡᠭᠡᠬᠦ