︽ᠭᠣᠪᠢ ᠶᠢᠨ ᠴᠢᠨᠣ᠎ᠠ-2019︾ ᠦᠷᠭᠦᠯᠵᠢᠯᠡᠵᠦ ᠪᠠᠶᠢᠨ᠎ᠠ  | News.MN

 ︽ᠭᠣᠪᠢ ᠶᠢᠨ ᠴᠢᠨᠣ᠎ᠠ-2019︾ ᠦᠷᠭᠦᠯᠵᠢᠯᠡᠵᠦ ᠪᠠᠶᠢᠨ᠎ᠠ 

ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠮᠧᠷᠢᠺᠠ ᠶᠢᠨ ᠨᠣᠮᠣᠬᠠᠨ ᠳᠠᠯᠠᠢ ᠶᠢᠨ ᠺᠤᠮᠠᠨᠳ᠋ᠯᠠᠯ ᠲᠠᠢ ᠬᠠᠮᠲᠤᠷᠠᠨ ᠨᠠᠢᠮᠠᠳᠠᠬᠢ ᠤᠳᠠᠭ᠎ᠠ ᠪᠠᠨ ᠳᠣᠷᠣᠨᠠᠭᠣᠪᠢ ᠠᠶᠢᠮᠠᠭ ᠲᠤ ᠵᠣᠬᠢᠶᠠᠨ ᠪᠠᠶᠢᠭᠤᠯᠵᠤ ᠪᠠᠶᠢᠭ᠎ᠠ  ︽ᠭᠣᠪᠢ ᠶᠢᠨ ᠴᠢᠨᠣ᠎ᠠ-2019 ︾ ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠰᠤᠷᠭᠠᠭᠤᠯᠢ ᠺᠤᠮᠠᠨᠳ᠋ ᠱᠲ᠋ᠠᠪ ᠤᠨ ᠰᠤᠷᠭᠠᠭᠤᠯᠢ ᠪᠠᠷ ᠦᠷᠭᠦᠯᠵᠢᠯᠡᠵᠦ ᠪᠠᠶᠢᠨ᠎ᠠ᠃ ᠺᠤᠮᠠᠨᠳ᠋ ᠱᠲ᠋ᠠᠪ ᠤᠨ ᠰᠤᠷᠭᠠᠭᠤᠯᠢ ᠳᠤ ᠭᠠᠮᠰᠢᠭ ᠠᠴᠠ ᠬᠠᠮᠠᠭᠠᠯᠠᠬᠤ ᠤᠯᠤᠰ ᠤᠨ ᠠᠯᠪᠠ᠂  ᠶᠠᠮᠤᠨ᠂ ᠠᠭᠧᠨᠲᠯᠢᠭ᠂ ᠲᠥᠷᠥ ᠶᠢᠨ ᠴᠡᠷᠢᠭ ᠦᠨ ᠪᠠᠶᠢᠭᠤᠯᠤᠯᠭ᠎ᠠ ᠨᠤᠭᠤᠳ᠂ ᠦᠨᠳᠦᠰᠦᠨ ᠦ ᠠᠶᠤᠯᠭᠦᠢ ᠪᠠᠶᠢᠳᠠᠯ ᠢ ᠬᠠᠩᠭᠠᠬᠤ ᠲᠤᠰᠬᠠᠶᠢᠯᠠᠭᠰᠠᠨ ᠴᠢᠭ ᠡᠭᠦᠷᠭᠡ ᠪᠦᠬᠦᠢ ᠪᠠᠶᠢᠭᠤᠯᠤᠯᠭ᠎ᠠ ᠨᠤᠭᠤᠳ᠂ ᠣᠯᠠᠨ ᠤᠯᠤᠰ ᠤᠨ ᠬᠦᠮᠦᠯᠢᠭ ᠦᠨ ᠪᠠᠶᠢᠭᠤᠯᠤᠯᠭ᠎ᠠ ᠨᠤᠭᠤᠳ᠂ ᠭᠠᠳᠠᠭᠠᠳᠤ ᠤᠯᠤᠰ ᠣᠷᠣᠨ ᠤ ᠲᠥᠯᠥᠭᠡᠯᠡᠯ᠂ ᠪᠥᠰᠡ᠂ ᠣᠷᠣᠨ ᠨᠤᠲᠤᠭ ᠤᠨ ᠪᠠᠶᠢᠭᠤᠯᠤᠯᠭ᠎ᠠ᠂ ᠲᠥᠷᠥ ᠶᠢᠨ ᠪᠤᠰᠤ ᠪᠠᠶᠢᠭᠤᠯᠤᠯᠭ᠎ᠠ ᠶᠢᠨ 200 ᠣᠷᠴᠢᠮ ᠲᠥᠯᠥᠭᠡᠯᠡᠯ ᠣᠷᠣᠯᠴᠠᠵᠤ ᠪᠠᠶᠢᠭ᠎ᠠ ᠶᠤᠮ᠃
ᠤᠷᠤᠯᠴᠠᠭᠰᠠᠳ ᠪᠦᠯᠦᠭ ᠲᠦ ᠬᠤᠪᠢᠶᠠᠭᠳᠠᠨ ᠭᠠᠵᠠᠷ ᠬᠥᠳᠡᠯᠦᠯᠲᠡ᠂ ᠬᠦᠴᠦᠲᠡᠢ ᠰᠠᠯᠬᠢ ᠰᠢᠭᠤᠷᠭ᠎ᠠ᠂ ᠦᠶᠡᠷ ᠪᠤᠯᠬᠤ᠂ ᠬᠦᠮᠦᠨ᠂ ᠮᠠᠯ ᠤᠨ ᠭᠣᠴᠣ ᠬᠠᠯᠳᠠᠪᠤᠷᠢᠲᠤ ᠡᠪᠡᠳᠴᠢᠨ ᠳᠡᠯᠭᠡᠷᠡᠬᠦ᠂ ᠣᠷᠣᠨ ᠨᠤᠲᠤᠭ ᠤᠨ ᠣᠨᠴᠠᠯᠢᠭ ᠠᠴᠠ ᠬᠠᠮᠢᠶᠠᠷᠤᠭᠰᠠᠨ ᠦᠢᠯᠡᠳᠪᠦᠷᠢᠯᠡᠯ ᠦᠨ ᠣᠰᠣᠯ᠂ ᠭᠠᠯᠲᠤ ᠲᠡᠷᠭᠡᠨ ᠦ ᠪᠣᠯᠤᠨ ᠵᠠᠮ ᠲᠡᠭᠡᠭᠡᠪᠦᠷᠢ ᠶᠢᠨ ᠣᠰᠣᠯ᠂ ᠬᠢᠮᠢ ᠶᠢᠨ ᠬᠣᠣᠷᠲᠤ ᠪᠣᠳᠠᠰ ᠤᠨ ᠠᠯᠳᠠᠭᠳᠠᠯ ᠤᠨ ᠦᠶ᠎ᠡ ᠳᠦ  ᠬᠡᠷᠬᠢᠨ ᠠᠵᠢᠯᠯᠠᠬᠤ ᠲᠤᠬᠠᠢ ᠰᠤᠷᠤᠯᠴᠠᠵᠤ ᠪᠠᠶᠢᠨ᠎ᠠ

ᠰᠡᠳᠬᠢᠭᠳᠡᠯ ᠦᠯᠡᠳᠡᠭᠡᠬᠦ