ᠪ∙ᠠᠵᠠᠵᠠᠶᠠᠭ᠎ᠠ ᠰᠢᠩᠭᠠᠫᠦᠷ ᠲᠦ ᠰᠤᠷᠤᠯᠴᠠᠬᠤ ᠪᠠᠷ ᠶᠠᠪᠤᠵᠠᠢ  | News.MN

ᠪ∙ᠠᠵᠠᠵᠠᠶᠠᠭ᠎ᠠ ᠰᠢᠩᠭᠠᠫᠦᠷ ᠲᠦ ᠰᠤᠷᠤᠯᠴᠠᠬᠤ ᠪᠠᠷ ᠶᠠᠪᠤᠵᠠᠢ 

ᠬᠡᠦᠬᠡᠳ ᠦᠨ ᠳᠠᠭᠤᠤ ᠶᠢ ᠲᠤᠩ ᠡᠪᠯᠢᠭ ᠳᠠᠭᠤᠯᠠᠵᠤ ᠣᠯᠠᠨ ᠤ ᠬᠠᠶᠢᠷ᠎ᠠ ᠶᠢ ᠲᠠᠲᠠᠭᠠᠳ ᠪᠠᠶᠢᠭᠰᠠᠨ ᠵᠠᠯᠠᠭᠤ ᠳᠠᠭᠤᠴᠢᠨ ᠪ∙ᠠᠵᠠᠵᠠᠶᠠᠭ᠎ᠠ  ᠶᠢ ᠬᠦᠮᠦᠰ ᠰᠠᠶᠢᠨ ᠮᠡᠳᠡᠨ᠎ᠡ᠃ ᠲᠡᠷᠡᠪᠡᠷ ᠳᠥᠷᠪᠡᠨ ᠨᠠᠰᠤᠲᠠᠢ ᠠᠴᠠ ᠪᠠᠨ ᠡᠬᠢᠯᠡᠨ  ︽ᠲᠠᠪᠠᠲᠠᠢ ᠨᠣᠶᠢᠷᠰᠤᠭᠠᠷᠠᠢ︾ ᠳᠠᠭᠤᠤ ᠶᠢ ᠳᠠᠭᠤᠯᠠᠵᠤ᠂ ᠶᠡᠬᠡ ᠰᠤᠷᠭᠠᠭᠤᠯᠢ ᠪᠠᠨ ᠬᠢᠭᠢᠯᠢᠴᠢ ᠮᠡᠷᠭᠡᠵᠢᠯ ᠢᠶᠡᠷ ᠲᠡᠭᠦᠰᠦᠭᠰᠡᠨ ᠠᠪᠢᠶᠠᠰᠯᠢᠭ ᠰᠤᠷᠤᠭᠴᠢᠳ ᠤᠨ ᠨᠢᠭᠡ ᠪᠢᠯᠡ᠃
ᠥᠩᠭᠡᠷᠡᠭᠰᠡᠨ ᠬᠤᠭᠤᠴᠠᠭᠠᠨ ᠳᠤ ᠨᠠᠮ ᠭᠦᠮ ᠪᠠᠶᠢᠭᠰᠠᠨ ᠳᠠᠭᠤᠴᠢᠨ ᠪᠦᠰᠡᠭᠦᠢ ᠰᠢᠩᠭᠠᠫᠦᠷ ᠤᠯᠤᠰ ᠲᠤ ᠰᠤᠷᠤᠯᠴᠠᠬᠤ ᠪᠠᠷ ᠶᠠᠪᠤᠭᠰᠠᠨ ᠭᠡᠳᠡᠭ ᠢ ᠲᠡᠭᠦᠨ ᠦ ᠮᠧᠨᠧᠵᠧᠷ ᠨᠢ ᠬᠡᠯᠡᠭᠰᠡᠨ ᠶᠤᠮ᠃ ᠲᠡᠷᠡᠪᠡᠷ ᠥᠩᠭᠡᠷᠡᠭᠴᠢ ᠵᠢᠷᠭᠤᠳᠤᠭᠠᠷ ᠰᠠᠷ᠎ᠠ ᠳᠤ ᠣᠯᠠᠨ ᠤᠯᠤᠰ ᠤᠨ  ᠳᠠᠭᠤᠤ ᠶᠢᠨ ᠲᠡᠮᠡᠴᠡᠭᠡᠨ ᠳᠦ ᠠᠮᠵᠢᠯᠲᠠᠲᠠᠢ ᠣᠷᠣᠯᠴᠠᠵᠤ᠂ ᠳᠡᠯᠡᠬᠡᠢ ᠶᠢᠨ ᠬᠡᠮᠵᠢᠶᠡᠨ ᠦ ᠰᠢᠯᠢᠳᠡᠭ ᠳᠠᠭᠤᠴᠢᠨ Lady Gaga ᠍ ᠦᠨ ᠫᠷᠣᠳᠢᠶᠦ᠋ᠰᠧᠷ Adam H᠂ ᠲᠡᠭᠦᠨ ᠦ ᠪᠠᠭ ᠬᠠᠮᠲᠤ ᠣᠯᠠᠨ ᠲᠠᠢ ᠬᠠᠮᠲᠤᠷᠠᠨ ᠠᠵᠢᠯᠯᠠᠬᠤ ᠪᠣᠯᠤᠭᠰᠠᠨ ᠲᠤᠬᠠᠢ  ᠪᠠᠨ ᠥᠪᠡᠷ ᠦᠨ ᠨᠢᠭᠤᠷ ᠨᠤᠮ  ᠳᠤ ᠪᠠᠨ ᠨᠡᠶᠢᠲᠡᠯᠡᠵᠦ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ