ᠬᠣᠷᠢᠭ ᠢ 14 ᠬᠣᠨᠣᠭ ᠲᠤ ᠪᠠᠭᠲᠠᠭᠠᠨ ᠬᠡᠯᠡᠯᠴᠡᠨ᠎ᠡ  | News.MN

ᠬᠣᠷᠢᠭ ᠢ 14 ᠬᠣᠨᠣᠭ ᠲᠤ ᠪᠠᠭᠲᠠᠭᠠᠨ ᠬᠡᠯᠡᠯᠴᠡᠨ᠎ᠡ 

ᠤᠯᠤᠰ ᠤᠨ ᠶᠡᠬᠡ ᠬᠤᠷᠠᠯ ᠳ᠋ᠡᠬᠢ  ᠮᠤᠩᠭᠤᠯ ᠠᠷᠠᠳ ᠍ ᠤᠨ ᠨᠠᠮ ᠤᠨ ᠪᠦᠯᠦᠭ ᠬᠤᠷᠠᠯᠳᠤᠨ᠎ᠠ᠃ ᠬᠤᠷᠠᠯᠳᠤᠭᠠᠨ ᠢᠶᠠᠷ ᠶᠡᠷᠦᠩᠬᠡᠶᠢᠯᠡᠭᠴᠢ ᠶᠢᠨ ᠬᠣᠷᠢᠭ ᠢ ᠬᠡᠯᠡᠯᠴᠡᠬᠦ ᠡᠴᠡ ᠭᠠᠳᠠᠨ᠎ᠠ ᠤᠯᠤᠰ ᠤᠨ ᠶᠡᠬᠡ ᠬᠤᠷᠠᠯ ᠢ ᠲᠠᠷᠬᠠᠭᠠᠬᠤ ᠡᠰᠡᠬᠦ ᠠᠰᠠᠭᠤᠳᠠᠯ ᠢᠶᠠᠷ ᠪᠦᠯᠦᠭ ᠦᠨ ᠭᠡᠰᠢᠭᠦᠳ ᠪᠠᠶᠢᠷᠢ ᠰᠠᠭᠤᠷᠢ ᠪᠠᠨ ᠨᠢᠭᠡᠳᠬᠡᠬᠦ ᠮᠡᠳᠡᠭᠡᠯᠡᠯ ᠪᠠᠶᠢᠨ᠎ᠠ᠃
ᠥᠩᠭᠡᠷᠡᠭᠰᠡᠨ ᠪᠠᠰᠠᠩ ᠭᠠᠷᠠᠭ ᠲᠤ ᠶᠡᠷᠦᠩᠬᠡᠶᠢᠯᠡᠭᠴᠢ ᠬ∙ᠪᠠᠲᠤᠲᠤᠯᠭ᠎ᠠ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠡᠬᠡ ᠶᠢ ᠪᠠᠲᠤᠯᠠᠬᠤ ᠲᠤᠬᠠᠢ ᠤᠯᠤᠰ ᠤᠨ ᠶᠡᠬᠡ ᠬᠤᠷᠠᠯ ᠤᠨ 73 ᠳ᠋ᠤᠭᠠᠷ ᠲᠣᠭᠲᠠᠭᠠᠯ ᠳᠤ ᠬᠣᠷᠢᠭ ᠲᠠᠯᠪᠢᠭᠰᠠᠨ᠃ ᠶᠡᠷᠦᠩᠬᠡᠶᠢᠯᠡᠭᠴᠢ ᠲᠤᠰ ᠬᠣᠷᠢᠭ ᠲᠤ ᠪᠠᠨ᠄ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠡᠬᠡ ᠨᠢ ᠮᠣᠩᠭᠣᠯ ᠤᠯᠤᠰ ᠤᠨ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠵᠢᠷᠤᠮ ᠤᠨ ᠲᠤᠬᠠᠢ ᠬᠠᠤᠯᠢ ᠶᠢᠨ ᠵᠣᠬᠢᠬᠤ ᠱᠠᠭᠠᠷᠳᠠᠯᠭ᠎ᠠ ᠶᠢ ᠬᠠᠩᠭᠠᠭ᠎ᠠ ᠦᠭᠡᠢ᠂ ᠤᠭ ᠬᠠᠤᠯᠢ ᠶᠢ ᠢᠯᠡᠷᠬᠡᠢ ᠵᠥᠷᠢᠴᠡᠭᠰᠡᠨ ᠪᠠᠶᠢᠳᠠᠯ ᠲᠠᠢ ᠪᠠᠶᠢᠨ᠎ᠠ ᠭᠡᠳᠡᠭ ᠢ ᠲᠣᠳᠣᠳᠬᠠᠭᠰᠠᠨ᠃ ᠬᠣᠷᠢᠭ ᠢ 14 ᠬᠣᠨᠣᠭ ᠤᠨ ᠬᠤᠭᠤᠴᠠᠭᠠᠨ ᠳᠤ ᠬᠣᠯᠪᠣᠭᠳᠠᠬᠤ ᠪᠠᠶᠢᠩᠭᠤ ᠶᠢᠨ ᠬᠣᠷᠢᠶ᠎ᠠ᠂ ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠬᠡᠯᠡᠯᠴᠡᠬᠦ ᠬᠠᠤᠯᠢ ᠲᠠᠢ᠃ ᠡᠨᠡ ᠳᠠᠭᠠᠤ ᠡᠬᠢᠯᠡᠭᠡᠳ ᠪᠦᠯᠦᠭ ᠦᠨ ᠬᠤᠷᠠᠯ ᠢᠶᠠᠷ ᠬᠣᠷᠢᠭ ᠢ ᠬᠦᠯᠢᠶᠡᠵᠦ ᠠᠪᠬᠤ ᠡᠰᠡᠬᠦ ᠶᠢ ᠬᠡᠯᠡᠯᠴᠡᠨ᠎ᠡ᠃

ᠰᠡᠳᠬᠢᠭᠳᠡᠯ ᠦᠯᠡᠳᠡᠭᠡᠬᠦ