ᠭᠠᠯᠲᠤ ᠵᠡᠪᠰᠡᠭ ᠢ ᠪᠦᠷᠢᠳᠬᠡᠬᠦ᠂ ᠭᠡᠷᠡᠴᠢᠯᠡᠭᠡᠵᠢᠭᠦᠯᠬᠦ ᠠᠵᠢᠯ ᠡᠬᠢᠯᠡᠯ᠎ᠡ  | News.MN

ᠭᠠᠯᠲᠤ ᠵᠡᠪᠰᠡᠭ ᠢ ᠪᠦᠷᠢᠳᠬᠡᠬᠦ᠂ ᠭᠡᠷᠡᠴᠢᠯᠡᠭᠡᠵᠢᠭᠦᠯᠬᠦ ᠠᠵᠢᠯ ᠡᠬᠢᠯᠡᠯ᠎ᠡ 

ᠢᠷᠭᠡᠨ᠂ ᠬᠠᠤᠯᠢ ᠶᠢᠨ ᠡᠲᠡᠭᠡᠳ ᠦᠨ ᠥᠮᠴᠢᠯᠡᠯ ᠳᠦ ᠪᠠᠶᠢᠭ᠎ᠠ ᠭᠠᠯᠲᠤ ᠵᠡᠪᠰᠡᠭ ᠦᠨ ᠲᠣᠭᠠᠯᠠᠯᠭ᠎ᠠ ᠶᠢ ᠡᠨᠡ ᠰᠠᠷ᠎ᠠ ᠶᠢᠨ 20 ᠍ ᠤ ᠡᠳᠦᠷ ᠡᠴᠡ ᠡᠬᠢᠯᠡᠨ 11 ᠳ᠋ᠤᠭᠡᠷ ᠰᠠᠷ᠎ᠠ ᠶᠢᠨ 4 ᠍ ᠦ ᠡᠳᠦᠷ ᠢ ᠬᠦᠷᠲᠡᠯᠡᠬᠢ ᠬᠤᠭᠤᠴᠠᠭᠠᠨ ᠳᠤ ᠪᠦᠷᠢᠳᠬᠡᠬᠦ᠂ ᠭᠡᠷᠡᠴᠢᠯᠡᠭᠡᠵᠢᠭᠦᠯᠬᠦ ᠠᠵᠢᠯ ᠢ ᠤᠯᠤᠰ ᠤᠨ ᠬᠡᠮᠵᠢᠶᠡᠨ ᠳᠦ ᠵᠣᠬᠢᠶᠠᠨ ᠪᠠᠶᠢᠭᠤᠯᠵᠤ ᠡᠬᠢᠯᠡᠯ᠎ᠡ᠃ ᠡᠶᠢᠮᠦ ᠳᠦ ᠢᠷᠭᠡᠳ᠂ ᠣᠯᠠᠨ ᠨᠡᠶᠢᠲᠡ ᠲᠠ ᠪᠦᠬᠦᠨ ᠭᠠᠯᠲᠤ ᠵᠡᠪᠰᠡᠭ ᠦᠨ ᠲᠣᠭᠠᠯᠠᠯᠭ᠎ᠠ ᠳᠤ ᠢᠳᠡᠪᠬᠢᠲᠡᠢ ᠬᠠᠮᠤᠷᠤᠭᠳᠠᠵᠤ ᠡᠵᠡᠮᠰᠢᠯ᠂ ᠥᠮᠴᠢᠯᠡᠯ ᠳᠦ ᠪᠠᠶᠢᠭ᠎ᠠ ᠭᠠᠯᠲᠤ ᠵᠡᠪᠰᠡᠭ᠂ ᠭᠠᠯᠲᠤ ᠵᠡᠪᠰᠡᠭ ᠲᠡᠢ ᠠᠳᠠᠯᠢᠳᠬᠠᠬᠤ ᠬᠡᠷᠡᠭᠰᠡᠯ ᠢᠶᠡᠨ ᠬᠠᠷᠢᠶ᠎ᠠ ᠨᠤᠲᠤᠭ ᠳᠡᠪᠢᠰᠬᠡᠷ ᠬᠠᠷᠢᠭᠤᠴᠠᠭᠰᠠᠨ ᠴᠠᠭᠳᠠᠭ᠎ᠠ ᠶᠢᠨ ᠪᠠᠶᠢᠭᠤᠯᠤᠯᠭ᠎ᠠ ᠳᠤ ᠵᠢᠭᠠᠭᠰᠠᠨ ᠬᠤᠭᠤᠴᠠᠭᠠᠨ ᠳᠤ ᠪᠦᠷᠢᠳᠬᠡᠭᠦᠯᠵᠦ᠂ ᠬᠠᠤᠯᠢ ᠪᠠᠷ ᠣᠯᠭᠣᠭᠳᠠᠭᠰᠠᠨ ᠡᠭᠦᠷᠭᠡ ᠪᠡᠨ ᠪᠡᠶᠡᠯᠡᠭᠦᠯᠬᠦ ᠶᠢ ᠤᠷᠢᠶᠠᠯᠠᠵᠤ ᠪᠠᠶᠢᠨ᠎ᠠ᠃
ᠡᠮᠦᠨᠡᠬᠢ 3 ᠵᠢᠯ ᠦᠨ ᠲᠣᠭᠠᠯᠠᠯᠭ᠎ᠠ ᠶᠢᠨ ᠳ᠋ᠦᠩ ᠢ ᠮᠣᠩᠭᠣᠯ ᠤᠯᠤᠰ ᠤᠨ ᠬᠡᠮᠵᠢᠶᠡᠨ ᠳᠦ ᠠᠪᠴᠤ ᠦᠵᠡᠪᠡᠯ 2016 ᠣᠨ ᠳᠤ ᠨᠡᠶᠢᠲᠡ ᠭᠠᠯᠲᠤ ᠵᠡᠪᠰᠡᠭ ᠡᠵᠡᠮᠰᠢᠭᠴᠢᠳ ᠦᠨ 70.6 ᠬᠤᠪᠢ᠂ 2017 ᠣᠨ ᠳᠤ 78.1 ᠬᠤᠪᠢ᠂ 2018 ᠣᠨ ᠳᠤ 94.7 ᠬᠤᠪᠢ ᠲᠠᠢ ᠳ᠋ᠦᠩᠨᠡᠭᠳᠡᠵᠦ ᠵᠢᠯ ᠡᠴᠡ ᠵᠢᠯ ᠳᠦ ᠥᠰᠦᠭᠰᠡᠨ ᠦᠵᠡᠭᠦᠯᠦᠯᠲᠡ ᠲᠡᠢ ᠪᠠᠶᠢᠭ᠎ᠠ ᠨᠢ ᠢᠷᠭᠡᠨ ᠲᠠᠨ ᠤ ᠡᠭᠦᠷᠭᠡ᠂ ᠣᠷᠣᠯᠴᠠᠭ᠎ᠠ ᠴᠢᠬᠤᠯᠠ ᠭᠡᠳᠡᠭ ᠢ ᠬᠠᠷᠠᠭᠤᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ