ᠰᠢᠨᠵᠢᠯᠡᠬᠦ ᠤᠬᠠᠭᠠᠨ ᠤ ᠠᠩᠬᠠᠳᠤᠭᠠᠷ ᠶᠡᠬᠡ ᠬᠤᠷᠠᠯ  ᠪᠤᠯᠤᠨ᠎ᠠ  | News.MN

ᠰᠢᠨᠵᠢᠯᠡᠬᠦ ᠤᠬᠠᠭᠠᠨ ᠤ ᠠᠩᠬᠠᠳᠤᠭᠠᠷ ᠶᠡᠬᠡ ᠬᠤᠷᠠᠯ  ᠪᠤᠯᠤᠨ᠎ᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠢᠪᠡᠭᠡᠯ ᠳᠣᠣᠷ᠎ᠠ ︽ᠰᠢᠨᠵᠢᠯᠡᠬᠦ ᠤᠬᠠᠭᠠᠨ ᠤ ᠠᠵᠢᠯᠲᠠᠨ ᠤ ᠠᠩᠬᠠᠳᠤᠭᠠᠷ ᠶᠡᠬᠡ ᠬᠤᠷᠠᠯ ︾᠍ ᠢ 2019 ᠣᠨ ᠤ 9 ᠳ᠋ᠤᠭᠡᠷ ᠰᠠᠷ᠎ᠠ ᠶᠢᠨ 26-27 ᠍ ᠤ ᠡᠳᠦᠷ ᠤᠯᠠᠭᠠᠨᠪᠠᠭᠠᠲᠤᠷ ᠬᠤᠲᠠ ᠳᠤ ᠲᠥᠷᠥ ᠶᠢᠨ ᠣᠷᠳᠣᠨ ᠳᠤ ᠵᠣᠬᠢᠶᠠᠨ ᠪᠠᠶᠢᠭᠤᠯᠬᠤ ᠭᠡᠵᠦ ᠪᠠᠶᠢᠨ᠎ᠠ᠃
ᠰᠢᠨᠵᠢᠯᠡᠬᠦ ᠤᠬᠠᠭᠠᠨ ‍ᠣ ᠠᠵᠢᠯᠲᠠᠨ ᠤ ᠠᠩᠬᠠᠳᠤᠭᠠᠷ ᠶᠡᠬᠡ ᠬᠤᠷᠠᠯ ᠨᠢ ᠮᠣᠩᠭᠣᠯ ᠤᠯᠤᠰ ᠤᠨ ᠲᠥᠷᠥ ᠵᠠᠰᠠᠭ ᠠᠴᠠ ᠰᠢᠨᠵᠢᠯᠡᠬᠦ ᠤᠬᠠᠭᠠᠨ᠂ ᠲᠧᠭᠨᠣᠯᠣᠭᠢ ᠶᠢ ᠤᠯᠤᠰ ᠣᠷᠣᠨ ᠤ ᠨᠡᠶᠢᠭᠡᠮ᠂ ᠡᠳ᠋ ᠍ ᠦᠨ ᠵᠠᠰᠠᠭ ᠤᠨ ᠰᠠᠯᠤᠰᠢ ᠦᠭᠡᠢ ᠪᠦᠷᠢᠯᠳᠦᠬᠦᠨ ᠬᠡᠰᠡᠭ᠂ ᠬᠥᠭᠵᠢᠯ᠂ ᠳᠡᠪᠰᠢᠯ ᠦᠨ ᠲᠤᠯᠭᠠᠭᠤᠷᠢ ᠬᠦᠴᠦᠨ ᠵᠦᠢᠯᠡᠰ ᠦᠨ ᠨᠢᠭᠡ ᠬᠡᠮᠡᠨ ᠦᠵᠡᠵᠦ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠯᠪᠤᠷᠢ ᠶᠢᠨ ᠬᠥᠭᠵᠢᠯ ᠦᠨ ᠪᠣᠳᠣᠯᠭ᠎ᠠ᠂ ᠵᠣᠷᠢᠯᠲᠠ ᠶᠢ ᠴᠠᠭ ᠲᠤᠬᠠᠢ ᠪᠦᠷᠢ ᠳᠦ ᠨᠢ ᠲᠣᠳᠣᠷᠬᠠᠶᠢᠯᠠᠨ᠂ ᠬᠠᠤᠯᠢ ᠡᠷᠬᠡ ᠵᠦᠢ ᠶᠢᠨ ᠣᠷᠴᠢᠨ᠂ ᠪᠦᠲᠦᠴᠡ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠣᠯᠪᠠᠰᠤᠷᠠᠩᠭᠤᠢ ᠪᠣᠯᠭᠠᠬᠤ᠂ ᠰᠠᠯᠪᠤᠷᠢ ᠶᠢᠨ ᠴᠢᠳᠠᠪᠬᠢ ᠂ ᠥᠷᠢᠰᠥᠯᠳᠥᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠣᠨᠴᠠᠭᠠᠢ ᠠᠩᠬᠠᠷᠴᠤ ᠪᠠᠶᠢᠭ᠎ᠠ ᠶᠢᠨ ᠨᠢᠭᠡ ᠢᠯᠡᠷᠡᠯ ᠶᠤᠮ ᠭᠡᠨ᠎ᠡ ᠃
ᠠᠩᠬᠠᠳᠤᠭᠠᠷ ᠶᠡᠬᠡ ᠬᠤᠷᠠᠯ ᠤᠨ ᠨᠡᠭᠡᠭᠡᠯᠲᠡ ᠶᠢᠨ ᠠᠷᠭ᠎ᠠ ᠬᠡᠮᠵᠢᠶ᠎ᠡ ᠨᠢᠭᠡᠳᠦᠭᠰᠡᠨ ᠬᠤᠷᠠᠯᠳᠤᠭᠠᠨ ᠢ 09  ᠳ᠋ᠤᠭᠡᠷ ᠰᠠᠷ᠎ᠠ ᠶᠢᠨ 27 ᠍ ᠤ ᠡᠳᠦᠷ ︽ᠬᠠᠨᠳᠤᠯᠭ᠎ᠠ ᠪᠠᠨ ᠥᠭᠡᠷᠡᠴᠢᠯᠡᠶ᠎ᠡ︾ ᠤᠷᠢᠶᠠᠨ ᠳᠣᠣᠷ᠎ᠠ ᠲᠥᠷᠥ ᠶᠢᠨ ᠣᠷᠳᠣᠨ ᠳᠤ᠂ ᠰᠠᠯᠪᠤᠷᠢ ᠬᠤᠷᠠᠯᠳᠤᠭᠠᠨ ᠢ 09 ᠳ᠋ᠤᠭᠡᠷ ᠰᠠᠷ᠎ᠠ ᠶᠢᠨ 26 ᠍ ᠤ ᠡᠳᠦᠷ ︽ᠰᠢᠨᠵᠢᠯᠡᠬᠦ ᠤᠬᠠᠭᠠᠨ ᠳᠤ ᠰᠠᠭᠤᠷᠢᠯᠠᠭᠰᠠᠨ ᠬᠥᠭᠵᠢᠯ ᠦᠨ ᠪᠣᠳᠣᠯᠭ᠎ᠠ︾ ᠂ ︽ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠯᠪᠤᠷᠢ ᠶᠢᠨ ᠬᠦᠮᠦᠨ ᠦ ᠨᠥᠭᠡᠴᠡ᠂ ᠳᠡᠳ᠋ ᠪᠦᠲᠦᠴᠡ︾᠂ ︽ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠯᠪᠤᠷᠢ ᠶᠢᠨ ᠰᠠᠩᠬᠦᠵᠢᠯᠲᠡ᠂ ᠬᠥᠷᠥᠩᠭᠡ ᠣᠷᠣᠭᠤᠯᠤᠯᠲᠠ︾᠂ ︽ᠰᠢᠨᠵᠢᠯᠡᠬᠦ ᠤᠬᠠᠭᠠᠨ᠂ ᠲᠧᠭᠨᠣᠯᠣᠭᠢ ᠪᠠ ᠲᠦᠩᠰᠢᠯᠡᠯ︾ ᠰᠡᠳᠦᠪ ᠦᠨ ᠬᠦᠷᠢᠶᠡᠨ ᠳᠦ ᠵᠣᠬᠢᠶᠠᠨ ᠪᠠᠶᠢᠭᠤᠯᠤᠨ᠎ᠠ᠃

ᠰᠡᠳᠬᠢᠭᠳᠡᠯ ᠦᠯᠡᠳᠡᠭᠡᠬᠦ