ᠰᠠᠩᠬᠦᠦ ᠶᠢᠨ ᠲᠣᠭᠲᠠᠪᠤᠷᠢᠲᠠᠢ ᠪᠠᠶᠢᠳᠠᠯ ᠤᠨ ᠵᠥᠪᠯᠡᠯ ᠬᠤᠷᠠᠯᠳᠤᠯ᠎ᠠ  | News.MN

ᠰᠠᠩᠬᠦᠦ ᠶᠢᠨ ᠲᠣᠭᠲᠠᠪᠤᠷᠢᠲᠠᠢ ᠪᠠᠶᠢᠳᠠᠯ ᠤᠨ ᠵᠥᠪᠯᠡᠯ ᠬᠤᠷᠠᠯᠳᠤᠯ᠎ᠠ 

ᠰᠠᠩᠬᠦᠦ ᠶᠢᠨ ᠲᠣᠭᠲᠠᠪᠤᠷᠢᠲᠠᠢ ᠪᠠᠶᠢᠳᠠᠯ ᠤᠨ ᠵᠥᠪᠯᠡᠯ  ᠤᠨ 2019 ᠣᠨ ᠤ ᠭᠤᠷᠪᠠᠳᠤᠭᠠᠷ ᠤᠯᠠᠷᠢᠯ ᠤᠨ ᠡᠭᠡᠯᠵᠢᠲᠦ ᠬᠤᠷᠠᠯᠳᠤᠭᠠᠨ 09 ᠳ᠋ᠤᠭᠡᠷ ᠰᠠᠷ᠎ᠠ ᠶᠢᠨ 24 ᠍ ᠦ ᠡᠳᠦᠷ ᠵᠣᠬᠢᠶᠠᠨ ᠪᠠᠶᠢᠭᠤᠯᠤᠭᠳᠠᠯ᠎ᠠ᠃ ᠲᠤᠰ ᠬᠤᠷᠠᠯᠳᠤᠭᠠᠨ ᠢᠶᠠᠷ᠂ ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2020 ᠣᠨ ᠳᠤ ᠪᠠᠷᠢᠮᠲᠠᠯᠠᠬᠤ ᠦᠨᠳᠦᠰᠦᠨ ᠴᠢᠭᠯᠡᠯ ᠦᠨ ᠲᠥᠰᠥᠯ᠂ ᠬᠠᠳᠠᠭᠠᠯᠠᠮᠵᠢ ᠵᠢᠭᠡᠯᠡ ᠶᠢᠨ ᠬᠣᠷᠰᠢᠶᠠᠨ ᠤ ᠬᠠᠳᠠᠭᠠᠯᠠᠮᠵᠢ ᠶᠢ ᠳᠠᠭᠠᠳᠬᠠᠯ ᠳᠤ ᠬᠠᠮᠤᠷᠤᠭᠤᠯᠬᠤ ᠲᠤᠬᠠᠢ ᠵᠡᠷᠭᠡ ᠠᠰᠠᠭᠤᠳᠠᠯ ᠤᠳ ᠢ ᠭᠡᠰᠢᠭᠦᠳ ᠲᠦ ᠲᠠᠨᠢᠯᠴᠠᠭᠤᠯᠵᠤ ᠬᠡᠯᠡᠯᠴᠡᠭᠦᠯᠦᠯ᠎ᠡ᠃
ᠡᠭᠡᠯᠵᠢᠲᠦ ᠬᠤᠷᠠᠯᠳᠤᠭᠠᠨ ᠢ ᠬᠠᠳᠠᠭᠠᠯᠠᠮᠵᠢ ᠶᠢᠨ ᠳᠠᠭᠠᠳᠬᠠᠯ ᠤᠨ ᠺᠤᠷᠫᠤᠷᠠᠼ ᠤᠨ ᠭᠦᠢᠴᠡᠳᠭᠡᠬᠦ ᠵᠠᠬᠢᠷᠤᠯ ᠬ∙ᠪᠤᠮᠡᠷᠳᠡᠨᠢ ᠳᠠᠷᠤᠭᠠᠯᠠᠵᠤ᠂ ᠮᠣᠩᠭᠣᠯ ᠪᠠᠩᠭᠢᠨ ᠤ ᠶᠡᠷᠦᠩᠬᠡᠶᠢᠯᠡᠭᠴᠢ ᠨ∙ ᠪᠠᠶᠠᠷᠲᠤᠰᠠᠶᠢᠬᠠᠨ᠂ ᠰᠠᠩ ᠤᠨ ᠰᠠᠶᠢᠳ ᠴ∙ ᠬᠦᠷᠡᠯᠪᠠᠭᠠᠲᠤᠷ᠂ ᠰᠠᠩᠬᠦᠦ ᠶᠢᠨ ᠵᠣᠬᠢᠴᠠᠭᠤᠯᠬᠤ ᠬᠣᠷᠢᠶᠠᠨ ᠤ ᠳᠠᠷᠤᠭ᠎ᠠ ᠰ∙ᠳᠠᠸᠠᠰᠦ᠋ᠷᠦᠩ ᠪᠣᠯᠤᠨ ᠪᠤᠰᠤᠳ ᠠᠯᠪᠠᠨ  ᠲᠤᠰᠢᠶᠠᠯᠲᠠᠳ ᠣᠷᠣᠯᠴᠠᠯ᠎ᠠ᠃

ᠰᠡᠳᠬᠢᠭᠳᠡᠯ ᠦᠯᠡᠳᠡᠭᠡᠬᠦ