ᠲᠦᠷᠺ  ᠤᠷᠤᠭᠤ ᠰᠢᠭᠤᠳ ᠨᠢᠰᠦᠯᠭᠡ ᠦᠢᠯᠡᠳᠦᠨ᠎ᠡ  | News.MN

 ᠲᠦᠷᠺ  ᠤᠷᠤᠭᠤ ᠰᠢᠭᠤᠳ ᠨᠢᠰᠦᠯᠭᠡ ᠦᠢᠯᠡᠳᠦᠨ᠎ᠡ 

ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠲᠦᠷᠺ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠪᠠᠶᠢᠭᠤᠯᠤᠭᠳᠠᠭᠰᠠᠨ ᠠᠭᠠᠷ ᠤᠨ ᠬᠠᠷᠢᠯᠴᠠᠭᠠᠨ ᠤ ᠬᠡᠯᠡᠯᠴᠡᠭᠡᠷ ᠲᠦ ᠨᠡᠮᠡᠯᠲᠡ ᠥᠭᠡᠷᠡᠴᠢᠯᠡᠯᠲᠡ ᠤᠷᠤᠭᠤᠯᠬᠤ ᠲᠠᠯᠠᠭᠠᠷᠬᠢ ᠠᠵᠢᠯ ᠤᠨ ᠬᠡᠰᠡᠭ ᠦᠨ ᠠᠭᠤᠯᠵᠠᠯᠲᠠ 2 ᠡᠳᠦᠷ ᠦᠷᠭᠦᠯᠵᠢᠯᠡᠭᠰᠡᠨ ᠦ ᠡᠴᠦᠰ ᠲᠦ ᠠᠮᠵᠢᠯᠲᠠ ᠲᠠᠢ ᠪᠣᠯᠵᠤ ᠰᠠᠨᠠᠮᠵᠢ ᠪᠢᠴᠢᠭ ᠢ ᠥᠴᠥᠭᠡᠳᠦᠷ ᠦᠵᠦᠭᠯᠡᠯ᠎ᠡ᠃ ᠢᠩᠭᠢᠭᠰᠡᠨ ᠢᠶᠡᠷ ᠮᠣᠩᠭᠣᠯ ᠤᠨ ᠲᠠᠯ᠎ᠠ ᠠᠴᠠ ᠠᠭᠠᠷ ᠤᠨ ᠲᠡᠭᠡᠭᠡᠪᠦᠷᠢᠯᠡᠭᠴᠢ ᠨᠡᠮᠡᠭᠳᠡᠬᠦ᠂ ᠬᠣᠶᠠᠷ ᠲᠠᠯ᠎ᠠ ᠠᠴᠠ ᠳᠣᠯᠣᠭ᠎ᠠ ᠬᠣᠨᠣᠭ ᠲᠤ ᠲᠤᠰ ᠪᠦᠷᠢ 3 ᠤᠳᠠᠭ᠎ᠠ ᠶᠢᠨ ᠳᠠᠪᠲᠠᠮᠵᠢ ᠲᠠᠢ᠂ ᠨᠡᠶᠢᠲᠡ 800 ᠰᠠᠭᠤᠳᠠᠯ ᠤᠨ ᠬᠢᠵᠠᠭᠠᠷᠲᠠᠢ ᠪᠠᠷ᠂ ᠳᠤᠮᠳᠠ ᠶᠢᠨ ᠵᠣᠭᠰᠣᠯᠲᠠ ᠦᠭᠡᠢ ᠰᠢᠭᠤᠳ ᠨᠢᠰᠦᠯᠭᠡ ᠦᠢᠯᠡᠳᠬᠦ ᠪᠣᠯᠤᠮᠵᠢ ᠪᠥᠷᠢᠳᠴᠦ ᠪᠠᠶᠢᠨ᠎ᠠ᠃
ᠤᠯᠠᠭᠠᠨᠪᠠᠭᠠᠲᠤᠷ- ᠰᠲ᠋ᠠᠨᠪᠤᠯ-ᠤᠯᠠᠭᠠᠨᠪᠠᠭᠠᠲᠤᠷ ᠴᠢᠭᠯᠡᠯ ᠳᠦ ᠡᠶᠢᠨᠬᠦᠦ ᠨᠢᠰᠦᠯᠭᠡ ᠶᠢᠨ ᠲᠣᠭ᠎ᠠ᠂ ᠰᠠᠭᠤᠳᠠᠯ ᠤᠨ ᠲᠣᠭ᠎ᠠ᠂ ᠨᠢᠰᠦᠯᠭᠡ ᠦᠢᠯᠡᠳᠬᠦ ᠺᠣᠮᠫᠠᠨᠢ ᠨᠡᠮᠡᠭᠳᠡᠵᠦ ᠥᠷᠢᠰᠦᠯᠳᠦᠭᠡᠨ ᠪᠤᠢ ᠪᠣᠯᠤᠭᠰᠠᠨ ᠢᠶᠠᠷ  ᠪᠢᠯᠸᠲ ᠦᠨ ᠦᠨ᠎ᠡ ᠪᠠᠭᠤᠷᠠᠬᠤ᠂ ᠧᠦ᠋ᠷᠣᠫᠠ ᠤᠷᠤᠭᠤ ᠨᠢᠰᠬᠦ ᠳᠦ ᠴᠠᠭ ᠬᠤᠭᠤᠴᠠᠭ᠎ᠠ ᠬᠡᠮᠨᠡᠬᠦ ᠪᠣᠯᠤᠨ ᠠᠶᠠᠯᠠᠯ ᠤᠨ ᠦᠨ᠎ᠡ ᠬᠢᠮᠳᠠᠷᠠᠬᠤ ᠵᠡᠷᠭᠡ ᠣᠯᠠᠨ ᠭᠠᠷᠴᠠ ᠨᠡᠭᠡᠭᠡᠭᠳᠡᠬᠦ ᠶᠤᠮ᠃

ᠰᠡᠳᠬᠢᠭᠳᠡᠯ ᠦᠯᠡᠳᠡᠭᠡᠬᠦ