ᠳ∙ᠴᠣᠭᠲᠤᠪᠠᠭᠠᠲᠤᠷ ᠳ∙ᠲᠷᠠᠮᠫ ᠲᠠᠢ ᠠᠭᠤᠯᠵᠠᠪᠠ  | News.MN

ᠳ∙ᠴᠣᠭᠲᠤᠪᠠᠭᠠᠲᠤᠷ ᠳ∙ᠲᠷᠠᠮᠫ ᠲᠠᠢ ᠠᠭᠤᠯᠵᠠᠪᠠ 

ᠠᠮᠧᠷᠢᠺᠠ ᠶᠢᠨ ᠶᠡᠷᠦᠩᠬᠡᠶᠢᠯᠡᠭᠴᠢ ᠳ᠋ᠤᠨᠠᠯᠳ᠋ ᠲᠷᠠᠮᠫ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 74 ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠵᠤ ᠪᠤᠢ ᠭᠡᠰᠢᠭᠦᠨ ᠣᠷᠣᠨ ᠨᠤᠭᠤᠳ ᠤᠨ ᠲᠥᠷᠥ ᠵᠠᠰᠠᠭ ᠤᠨ ᠭᠠᠵᠠᠷ᠂ ᠲᠥᠯᠥᠭᠡᠯᠡᠭᠴᠢᠳ ᠦᠨ ᠲᠡᠷᠢᠭᠦᠨ ᠨᠠᠷ ᠢ ᠬᠦᠨᠳᠦᠳᠬᠡᠨ᠂ ᠶᠢᠰᠦᠳᠦᠭᠡᠷ ᠰᠠᠷ᠎ᠠ ᠶᠢᠨ 24 ᠍ ᠦ ᠡᠳᠦᠷ ᠲᠤᠰᠬᠠᠢ ᠠᠷᠭ᠎ᠠ ᠬᠡᠮᠵᠢᠶ᠎ᠡ ᠵᠣᠬᠢᠶᠠᠨ ᠪᠠᠶᠢᠭᠤᠯᠵᠠᠢ᠃
ᠡᠨᠡᠬᠦ ᠠᠷᠭ᠎ᠠ ᠬᠡᠮᠵᠢᠶᠡᠨ ᠦ ᠦᠶ᠎ᠡ ᠪᠡᠷ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠠᠮᠧᠷᠢᠺᠠ ᠶᠢᠨ ᠶᠡᠷᠦᠩᠬᠡᠶᠢᠯᠡᠭᠴᠢ ᠳ᠋ᠤᠨᠠᠯᠳ᠋ ᠲᠷᠠᠮᠫ ᠲᠠᠢ ᠠᠭᠤᠯᠵᠠᠵᠤ᠂ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠡᠨᠡ ᠣᠨ ᠤ ᠳᠣᠯᠣᠳᠤᠭᠠᠷ ᠰᠠᠷ᠎ᠠ ᠳᠤ ᠠᠮᠧᠷᠢᠺᠠ ᠳᠤ ᠬᠢᠭᠰᠡᠨ ᠠᠶᠢᠯᠴᠢᠯᠠᠯ ᠠᠮᠵᠢᠯᠲᠠ ᠲᠠᠢ ᠪᠣᠯᠤᠭᠰᠠᠨ ᠳᠤ ᠲᠠᠯᠠᠷᠬᠠᠯ ᠢᠯᠡᠷᠬᠡᠶᠢᠯᠡᠪᠡ᠃
ᠮᠥᠨ ᠠᠷᠭ᠎ᠠ ᠬᠡᠮᠵᠢᠶᠡᠨ ᠦ ᠦᠶ᠎ᠡ ᠪᠡᠷ ᠪᠸᠯᠠᠷᠤᠰ᠂ ᠺᠢᠷᠭᠢᠽᠢ ᠶᠢᠨ ᠭᠠᠳᠠᠭᠠᠳᠤ ᠬᠡᠷᠡᠭ ᠦᠨ ᠰᠠᠶᠢᠳ᠂ ᠠᠮᠧᠷᠢᠺᠠ ᠶᠢᠨ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠵᠡᠷᠭᠡ ᠠᠯᠪᠠᠨ ᠤ ᠲᠥᠯᠥᠭᠡᠯᠡᠭᠴᠢᠳ ᠲᠡᠢ ᠠᠭᠤᠯᠵᠠᠵᠤ᠂ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

ᠰᠡᠳᠬᠢᠭᠳᠡᠯ ᠦᠯᠡᠳᠡᠭᠡᠬᠦ