ᠰᠢᠨᠵᠢᠯᠡᠬᠦ ᠤᠬᠠᠭᠠᠨ ᠤ ᠰᠠᠯᠪᠤᠷᠢ ᠳᠤ ᠴᠣᠭᠴᠠ ᠰᠢᠨᠡᠴᠢᠯᠡᠯ ᠬᠢᠨ᠎ᠡ  | News.MN

ᠰᠢᠨᠵᠢᠯᠡᠬᠦ ᠤᠬᠠᠭᠠᠨ ᠤ ᠰᠠᠯᠪᠤᠷᠢ ᠳᠤ ᠴᠣᠭᠴᠠ ᠰᠢᠨᠡᠴᠢᠯᠡᠯ ᠬᠢᠨ᠎ᠡ 

ᠰᠢᠨᠵᠢᠯᠡᠬᠦ ᠤᠬᠠᠭᠠᠨ ᠤ ᠠᠵᠢᠯᠲᠠᠨ ᠤ ᠠᠩᠬᠠᠳᠤᠭᠠᠷ ᠶᠡᠬᠡ ᠬᠤᠷᠠᠯ ᠲᠥᠷᠥ ᠶᠢᠨ ᠣᠷᠳᠣᠨ ᠳᠤ ᠪᠣᠯᠵᠤ ᠪᠠᠶᠢᠨ᠎ᠠ᠃ 800 ᠭᠠᠷᠤᠢ ᠡᠷᠳᠡᠮᠲᠡᠨ᠂ ᠰᠤᠳᠤᠯᠤᠭᠠᠴᠢ ᠰᠠᠯᠪᠤᠷᠢ ᠶᠢᠨ ᠢᠶᠠᠨ ᠣᠯᠤᠯᠲᠠ ᠠᠮᠵᠢᠯᠲᠠ᠂ ᠠᠯᠳᠠᠭ᠎ᠠ ᠳᠤᠲᠠᠭᠳᠠᠯ ᠢᠶᠠᠨ ᠳ᠋ᠦᠩᠨᠡᠨ ᠲᠥᠷᠥ ᠡᠴᠡ ᠪᠠᠲᠤᠯᠠᠨ ᠬᠡᠷᠡᠭᠵᠢᠭᠦᠯᠵᠦ ᠪᠠᠶᠢᠭ᠎ᠠ ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠼ ᠤᠨ ᠪᠣᠳᠣᠯᠭ᠎ᠠ ᠶᠢᠨ ᠬᠡᠷᠡᠭᠵᠢᠯᠲᠡ ᠶᠢ ᠡᠷᠴᠢᠮᠵᠢᠭᠦᠯᠬᠦ ᠲᠠᠯ᠎ᠠ ᠪᠠᠷ ᠬᠡᠯᠡᠯᠴᠡᠨ᠂ ᠴᠢᠨᠠᠭᠰᠢᠳᠠ ᠶᠢᠨ ᠬᠥᠭᠵᠢᠯ ᠦᠨ ᠵᠣᠷᠢᠯᠲᠠ ᠪᠠᠨ ᠲᠣᠳᠣᠷᠬᠠᠶᠢᠯᠠᠬᠤ ᠶᠤᠮ᠃  ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠬᠤᠷᠠᠯ ᠤᠨ ᠨᠡᠭᠡᠭᠡᠯᠲᠡ ᠳᠦ ᠣᠷᠣᠯᠴᠠᠨ ᠦᠭᠡ ᠬᠡᠯᠡᠪᠡ᠃ ᠲᠡᠷᠡ ᠪᠡᠷ ᠥᠩᠭᠡᠷᠡᠭᠰᠡᠨ 30 ᠣᠷᠴᠢᠮ ᠵᠢᠯ ᠦᠨ ᠬᠤᠭᠤᠴᠠᠭᠠᠨ ᠳᠤ ᠰᠢᠨᠵᠢᠯᠡᠬᠦ ᠤᠬᠠᠭᠠᠨ ᠤ ᠰᠠᠯᠪᠤᠷᠢ ᠳᠤ ᠬᠥᠷᠥᠩᠭᠡ ᠣᠷᠣᠭᠤᠯᠤᠯᠲᠠ᠂ ᠲᠧᠭᠨᠣᠯᠣᠭᠢ ᠶᠢᠨ ᠳᠣᠷᠪᠢᠲᠠᠢ ᠰᠢᠨᠡᠴᠢᠯᠡᠯᠲᠡ ᠬᠢᠭᠳᠡᠭᠡ ᠦᠭᠡᠢ᠃ ᠠᠯᠢ ᠴᠤ ᠵᠠᠰᠠᠭ ᠤᠨ ᠭᠠᠵᠠᠷ ︽ᠰᠢᠨᠵᠢᠯᠡᠬᠦ ᠤᠬᠠᠭᠠᠨ ᠢᠶᠠᠨ ᠳᠡᠮᠵᠢᠨ᠎ᠡ︾᠂ ︽ᠰᠢᠨᠵᠢᠯᠡᠬᠦ ᠤᠬᠠᠭᠠᠨ ᠳᠤ ᠰᠠᠭᠤᠷᠢᠯᠠᠭᠰᠠᠨ ᠪᠣᠳᠣᠯᠭ᠎ᠠ ᠬᠡᠷᠡᠭᠵᠢᠭᠦᠯᠦᠨ᠎ᠡ︾ ᠭᠡᠵᠦ ᠠᠮᠠᠯᠠᠳᠠᠭ ᠴᠤ ︽ᠮᠥᠩᠭᠥ ᠲᠡᠢ ᠪᠤᠯᠪᠠᠯ ᠳᠡᠮᠵᠢᠨ᠎ᠡ︾ ᠭᠡᠰᠡᠨ ᠠᠮᠢ ᠪᠠᠨ ᠠᠷᠭᠠᠴᠠᠭᠠᠭᠰᠠᠨ ᠪᠠᠶᠢᠳᠠᠯ ᠢᠶᠠᠷ ᠥᠨᠥ ᠶᠢ ᠬᠦᠷᠦᠭᠰᠡᠨ ᠭᠡᠳᠡᠭ ᠢ ᠬᠦᠯᠢᠶᠡᠨ ᠵᠦᠪᠰᠢᠶᠡᠷᠡᠪᠡ᠃
ᠮᠣᠩᠭᠣᠯ ᠬᠦᠮᠦᠨ ᠣᠶᠤᠨ ᠤ ᠥᠨᠳᠥᠷ ᠴᠢᠳᠠᠪᠬᠢ ᠲᠠᠢ ᠭᠡᠳᠡᠭ ᠢ ᠳᠡᠯᠡᠬᠡᠢ ᠳᠦ ᠬᠠᠷᠠᠭᠤᠯᠵᠤ ᠪᠠᠶᠢᠭ᠎ᠠ ᠥᠰᠪᠦᠷᠢ ᠦᠶ᠎ᠡ ᠶᠢᠨ ᠬᠢᠨ᠂ ᠡᠷᠳᠡᠮᠲᠡᠨ ᠰᠤᠳᠤᠯᠤᠭᠠᠴᠢᠳ ᠢᠶᠠᠨ ᠳᠡᠮᠵᠢᠬᠦ᠂ ᠠᠵᠢᠯᠯᠠᠬᠤ ᠨᠥᠬᠥᠴᠡᠯ ᠪᠣᠯᠤᠮᠵᠢ ᠶᠢ ᠪᠦᠷᠢᠳᠦᠭᠦᠯᠬᠦ ᠨᠢ ᠲᠥᠷᠥ ᠵᠠᠰᠠᠭ ᠤᠨ ᠡᠭᠦᠷᠭᠡ ᠭᠡᠵᠦ ᠶᠡᠷᠦᠩᠬᠡᠢ ᠰᠠᠶᠢᠳ ᠦᠵᠡᠵᠦ ᠪᠠᠶᠢᠨ᠎ᠠ᠃ ᠵᠠᠰᠠᠭ ᠤᠨ ᠭᠠᠵᠠᠷ ᠴᠢᠨᠠᠭᠰᠢᠳᠠ ᠰᠢᠨᠵᠢᠯᠡᠬᠦ ᠤᠬᠠᠭᠠᠨ ᠤ ᠰᠠᠯᠪᠤᠷᠢ ᠶᠢᠨ ᠪᠣᠳᠣᠯᠭ᠎ᠠ᠂ ᠡᠷᠬᠡ ᠵᠦᠢ ᠶᠢᠨ ᠣᠷᠴᠢᠨ ᠢ ᠰᠢᠨᠡᠳᠭᠡᠬᠦ᠂ ᠲᠥᠯᠥᠪᠯᠡᠯᠲᠡ ᠶᠢ ᠨᠢ ᠣᠨᠣᠪᠴᠢᠲᠠᠢ᠂ ᠲᠣᠳᠣᠷᠬᠠᠢ ᠪᠣᠯᠭᠠᠬᠤ᠂ ᠮᠠᠲ᠋ᠧᠷᠢᠶᠠᠯᠯᠢᠭ ᠪᠠᠭᠠᠽ᠂ ᠲᠣᠨᠣᠭ ᠲᠥᠬᠥᠭᠡᠷᠦᠮᠵᠢ᠂  ᠰᠠᠩᠬᠦᠦᠵᠢᠯᠲᠡ᠂ ᠬᠦᠮᠦᠨ ᠦ ᠨᠥᠭᠡᠴᠡ ᠶᠢᠨ ᠴᠢᠳᠠᠪᠬᠢ᠂ ᠮᠧᠨᠧᠵᠮᠧᠨᠲ ᠵᠡᠷᠭᠡ ᠳᠦ ᠠᠩᠬᠠᠷᠴᠤ᠂ ᠴᠣᠭᠴᠠ ᠰᠢᠨᠡᠴᠢᠯᠡᠯ ᠬᠢᠬᠦ ᠪᠡᠷ ᠲᠥᠯᠥᠪᠯᠡᠵᠦ ᠪᠠᠶᠢᠭ᠎ᠠ ᠶᠢ ᠬᠡᠯᠡᠪᠡ᠃

ᠰᠡᠳᠬᠢᠭᠳᠡᠯ ᠦᠯᠡᠳᠡᠭᠡᠬᠦ