ᠣᠯᠠᠨ ᠤᠯᠤᠰ ᠤᠨ ᠬᠤᠷᠠᠯ ᠳᠤ 100 ᠭᠠᠷᠤᠢ ᠡᠷᠳᠡᠮᠲᠡᠨ ᠣᠷᠣᠯᠴᠠᠨ᠎ᠠ  | News.MN

ᠣᠯᠠᠨ ᠤᠯᠤᠰ ᠤᠨ ᠬᠤᠷᠠᠯ ᠳᠤ 100 ᠭᠠᠷᠤᠢ ᠡᠷᠳᠡᠮᠲᠡᠨ ᠣᠷᠣᠯᠴᠠᠨ᠎ᠠ 

ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠳᠡᠷᠭᠡᠳᠡᠬᠢ ᠭᠠᠮᠰᠢᠭ ᠰᠤᠳᠤᠯᠤᠯ ᠤᠨ ᠬᠦᠷᠢᠶᠡᠯᠡᠩ ᠨᠢ ᠳᠣᠲᠣᠭᠠᠳᠤ ᠬᠡᠷᠡᠭ ᠦᠨ ᠶᠡᠬᠡ ᠰᠤᠷᠭᠠᠭᠤᠯᠢ ᠶᠢᠨ ᠣᠨᠴᠠᠭᠠᠢ ᠪᠠᠶᠢᠳᠠᠯ ᠤᠨ ᠰᠤᠷᠭᠠᠭᠤᠯᠢ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠭᠠᠮᠰᠢᠭ ᠤᠨ ᠡᠷᠡᠰᠳᠡᠯ ᠢ ᠪᠠᠭᠤᠷᠠᠭᠤᠯᠬᠤ ᠭᠠᠵᠠᠷ ︵UNDRR︶ ᠍ ᠲᠠᠢ ᠬᠠᠮᠲᠤᠷᠠᠨ ︽ᠬᠣᠲᠠ ᠰᠠᠭᠤᠷᠢᠨ ᠭᠠᠵᠠᠷ ᠤᠨ ᠭᠠᠮᠰᠢᠭ ᠢ ᠳᠠᠪᠠᠨ ᠲᠤᠭᠤᠯᠬᠤ ᠴᠢᠳᠠᠪᠤᠷᠢ ᠶᠢ ᠪᠡᠬᠢᠵᠢᠭᠦᠯᠬᠦ ᠠᠷᠭ᠎ᠠ ᠵᠠᠮ︾ ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠡᠨᠡ ᠰᠠᠷ᠎ᠠ ᠶᠢᠨ 27 ᠍ ᠳᠦ ᠪᠤᠶᠤ ᠮᠠᠷᠭᠠᠰᠢ ᠲᠤᠤᠱᠢᠨ ᠵᠣᠴᠢᠳ ᠪᠠᠭᠤᠳᠠᠯ ᠳᠤ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠣᠯᠠᠨ ᠤᠯᠤᠰ ᠤᠨ ᠬᠤᠷᠠᠯ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠮᠣᠩᠭᠣᠯ ᠤᠯᠤᠰ ᠳᠠᠬᠢ ᠰᠠᠭᠤᠷᠢᠨ ᠵᠣᠬᠢᠴᠠᠭᠤᠯᠤᠭᠴᠢ᠂ ᠭᠠᠮᠰᠢᠭ ᠤᠨ ᠡᠷᠡᠰᠳᠡᠯ ᠢ ᠪᠠᠭᠤᠷᠠᠭᠤᠯᠬᠤ ᠭᠠᠵᠠᠷ᠂ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠪᠣᠯᠤᠨ ᠶᠠᠫᠣᠨ᠂ ᠡᠮᠦᠨᠡᠳᠤ ᠰᠤᠯᠤᠩᠭᠤᠰ᠂ ᠣᠷᠣᠰ᠂ ᠬᠢᠲᠠᠳ᠂ ᠮᠣᠩᠭᠣᠯ ᠤᠯᠤᠰ ᠤᠨ 100 ᠭᠠᠷᠤᠢ ᠡᠷᠳᠡᠮᠲᠡᠨ ᠤᠷᠤᠯᠴᠠᠬᠤ ᠶᠤᠮ᠃
ᠬᠣᠲᠠ ᠰᠠᠭᠤᠷᠢᠨ ᠭᠠᠵᠠᠷ ᠤᠨ ᠭᠠᠮᠰᠢᠭ ᠤᠨ ᠡᠷᠡᠰᠳᠡᠯ ᠢ ᠪᠠᠭᠤᠷᠠᠭᠤᠯᠬᠤ᠂ ᠭᠠᠮᠰᠢᠭ ᠢ ᠲᠡᠰᠪᠦᠷᠢᠯᠡᠬᠦ ᠴᠢᠳᠠᠪᠤᠷᠢ ᠶᠢ ᠰᠠᠶᠢᠵᠢᠷᠠᠭᠤᠯᠬᠤ ᠳᠤ ᠰᠢᠨᠵᠢᠯᠡᠬᠦ ᠤᠬᠠᠭᠠᠨ ᠤ ᠪᠠᠶᠢᠭᠤᠯᠤᠯᠭ᠎ᠠ᠂ ᠡᠷᠳᠡᠮᠲᠡᠨ ᠰᠤᠳᠤᠯᠤᠭᠠᠴᠢᠳ ᠤᠨ ᠣᠷᠣᠯᠴᠠᠭ᠎ᠠ ᠶᠢ ᠨᠡᠮᠡᠭᠳᠡᠭᠦᠯᠬᠦ ᠵᠣᠷᠢᠯᠭ᠎ᠠ ᠲᠠᠢ ᠲᠤᠰ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢᠶᠠᠷ ᠡᠷᠳᠡᠮᠲᠡᠨ᠂ ᠰᠤᠳᠤᠯᠤᠭᠠᠴᠢᠳ 40 ᠭᠠᠷᠤᠢ ᠢᠯᠡᠳᠬᠡᠯ ᠬᠡᠯᠡᠯᠴᠡᠭᠦᠯᠦᠨ᠎ᠡ᠃  ᠢᠯᠡᠳᠬᠡᠯ ᠦᠳ ᠦᠨ ᠳᠡᠪᠰᠢᠭᠦᠯᠦᠭᠰᠡᠨ ᠰᠠᠨᠠᠯ ᠢ ᠨᠢᠭᠡᠳᠬᠡᠨ ᠬᠣᠲᠠ ᠰᠠᠭᠤᠷᠢᠨ ᠭᠠᠵᠠᠷ ᠤᠨ ᠭᠠᠮᠰᠢᠭ ᠢ ᠲᠡᠰᠪᠦᠷᠢᠯᠡᠬᠦ ᠴᠢᠳᠠᠪᠤᠷᠢ ᠶᠢ ᠪᠡᠬᠢᠵᠢᠭᠦᠯᠬᠦ ᠳᠦ ᠰᠢᠨᠵᠢᠯᠡᠬᠦ ᠤᠬᠠᠭᠠᠨ ᠤ ᠡᠭᠦᠷᠭᠡ ᠣᠷᠣᠯᠴᠠᠭ᠎ᠠ ᠶᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠳᠤ ᠰᠠᠭᠤᠷᠢᠯᠠᠭᠰᠠᠨ ᠪᠣᠳᠣᠯᠭ᠎ᠠ ᠰᠢᠢᠳᠪᠦᠷᠢ ᠶᠢ ᠭᠠᠷᠭᠠᠬᠤ ᠠᠷᠭ᠎ᠠ ᠵᠦᠢ ᠶᠢ ᠲᠤᠰᠬᠠᠵᠤ ᠥᠭᠬᠦ ᠨᠢᠭᠡᠳᠦᠭᠰᠡᠨ ᠵᠥᠪᠯᠡᠮᠵᠢ ᠭᠠᠷᠭᠠᠬᠤ ᠶᠤᠮ ᠭᠡᠵᠦ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ