ᠥᠨᠳᠥᠷ ᠬᠤᠷᠳᠤᠨ ᠤ ᠰᠢᠯᠢᠨ ᠺᠠᠪᠧᠯ ᠢ ᠨᠡᠪᠲᠡᠷᠡᠭᠦᠯᠦᠯ᠎ᠡ  | News.MN

ᠥᠨᠳᠥᠷ ᠬᠤᠷᠳᠤᠨ ᠤ ᠰᠢᠯᠢᠨ ᠺᠠᠪᠧᠯ ᠢ ᠨᠡᠪᠲᠡᠷᠡᠭᠦᠯᠦᠯ᠎ᠡ 

ᠠᠰᠢᠭᠯᠠᠯᠲᠠ ᠦᠢᠯᠡᠴᠢᠯᠡᠭᠡ᠂ ᠰᠠᠭᠤᠷᠢᠯᠠᠭᠤᠯᠤᠯᠲᠠ ᠶᠢᠨ ᠵᠠᠷᠤᠳᠠᠯ ᠢ ᠬᠡᠮᠨᠡᠭᠰᠡᠨ᠂ ᠤᠯᠠᠮᠵᠢᠯᠠᠯᠲᠤ ᠲᠧᠭᠨᠣᠯᠣᠭᠢ ᠶᠢ ᠬᠠᠯᠠᠭᠰᠠᠨ᠂ ᠶᠡᠬᠡ ᠪᠠᠭᠲᠠᠭᠠᠮᠵᠢ ᠶᠢᠨ᠂ ᠣᠯᠠᠨ ᠤᠯᠤᠰ ᠤᠨ ᠴᠢᠨᠠᠷ ᠤᠨ ᠰᠲ᠋ᠠᠨᠳᠠᠷᠲ ᠢ ᠬᠠᠩᠭᠠᠭᠰᠠᠨ ᠣᠯᠠᠨ ᠳᠠᠪᠠᠭᠤ ᠲᠠᠯ᠎ᠠ ᠳᠤ ᠥᠨᠳᠥᠷ ᠬᠤᠷᠳᠤᠨ ᠤ ᠰᠢᠯᠢᠨ ᠺᠠᠪᠧᠯ ᠢ ᠪᠠᠶᠠᠨᠬᠣᠩᠭᠣᠷ ᠠᠶᠢᠮᠠᠭ ᠲᠤ ᠨᠡᠪᠲᠡᠷᠡᠭᠦᠯᠦᠯ᠎ᠡ᠃ ᠲᠥᠰᠥᠯ ᠢ ᠶᠠᠫᠣᠨ ᠤ ᠵᠠᠰᠠᠭ ᠤᠨ ᠭᠠᠵᠠᠷ ᠤᠨ ᠪᠤᠴᠠᠯᠲᠠ ᠦᠭᠡᠢ ᠲᠤᠰᠠᠯᠠᠮᠵᠢ ᠪᠠᠷ ᠰᠠᠩᠬᠦᠵᠢᠭᠦᠯᠦᠨ᠂ ᠬᠡᠷᠡᠭᠵᠢᠭᠦᠯᠵᠦ ᠪᠠᠶᠢᠭ᠎ᠠ ᠠᠵᠢ᠃
ᠲᠤᠰ ᠲᠥᠰᠥᠯ ᠢ ᠮᠣᠩᠭᠣᠯ ᠤᠯᠤᠰ ᠲᠤ ᠠᠩᠬ᠎ᠠ ᠤᠳᠠᠭ᠎ᠠ ᠪᠠᠶᠠᠨᠬᠣᠩᠭᠣᠷ ᠠᠶᠢᠮᠠᠭ ᠲᠤ ᠨᠡᠪᠲᠡᠷᠡᠭᠦᠯᠵᠦ ᠪᠠᠶᠢᠭ᠎ᠠ ᠪᠥᠭᠡᠳ ᠠᠷᠤᠬᠠᠩᠭᠠᠢ ᠠᠶᠢᠮᠠᠭ᠂ ᠨᠠᠯᠠᠶᠢᠬᠤ ᠳᠡᠭᠦᠷᠭᠡ ᠳᠦ ᠦᠷᠭᠦᠯᠵᠢᠯᠡᠨ ᠬᠡᠷᠡᠭᠵᠢᠬᠦ ᠶᠤᠮ ᠪᠠᠶᠢᠨ᠎ᠠ᠃ ᠺᠠᠪᠧᠯ ᠰᠠᠭᠤᠷᠢᠯᠠᠭᠤᠯᠬᠤ ᠠᠵᠢᠯ ᠢ ᠠᠮᠵᠢᠯᠲᠠ ᠲᠠᠢ ᠬᠢᠵᠦ ᠭᠦᠢᠴᠡᠳᠭᠡᠬᠦ ᠳᠦ ᠮᠣᠩᠭᠣᠯ ᠤᠨ ᠴᠠᠬᠢᠯᠭᠠᠨ ᠬᠣᠯᠪᠣᠭ᠎ᠠ ᠺᠣᠮᠫᠠᠨᠢ ᠶᠢᠨ ᠪᠠᠶᠠᠨᠬᠣᠩᠭᠣᠷ ᠠᠶᠢᠮᠠᠭ ᠳᠠᠬᠢ ᠰᠠᠯᠪᠤᠷᠢ ᠶᠢᠨ ᠬᠠᠮᠲᠤ ᠣᠯᠠᠨ ᠤ ᠬᠢᠴᠢᠶᠡᠯ ᠵᠢᠳᠬᠦᠯ ᠶᠡᠬᠡ ᠪᠠᠶᠢᠭᠰᠠᠨ ᠢ ᠣᠷᠣᠨ ᠨᠤᠲᠤᠭ ᠤᠨ ᠤᠳᠤᠷᠢᠳᠤᠯᠭ᠎ᠠ ᠨᠤᠭᠤᠳ ᠣᠨᠴᠠᠯᠠᠵᠤ ᠪᠠᠶᠢᠪᠠ᠃ ᠮᠥᠨ ᠡᠨᠡ ᠦᠶ᠎ᠡ ᠪᠡᠷ ᠮᠣᠩᠭᠣᠯ ᠤᠨ ᠴᠠᠬᠢᠯᠭᠠᠨ ᠬᠣᠯᠪᠣᠭ᠎ᠠ ᠺᠣᠮᠫᠠᠨᠢ ᠶᠢᠨ 2019 ᠣᠨ ᠤ ᠬᠥᠷᠥᠩᠭᠡ ᠣᠷᠣᠭᠤᠯᠤᠯᠲᠠ ᠪᠠᠷ ᠬᠢᠭᠰᠡᠨ ᠣᠯᠠᠨ ᠰᠤᠪᠠᠭᠲᠤ ᠲᠣᠭᠠᠨ ᠰᠢᠰᠲ᠋ᠧᠮ ᠢ ᠲᠠᠨᠢᠯᠴᠠᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ