ᠵᠠᠰᠠᠭ ᠤᠨ ᠭᠠᠵᠠᠷ ᠲᠥᠰᠥᠪ ᠦᠨ ᠲᠥᠰᠥᠯ ᠢᠶᠡᠨ ᠠᠷᠪᠠᠳᠤᠭᠠᠷ ᠰᠠᠷ᠎ᠠ ᠶᠢᠨ 1 ᠍ ᠦ ᠳᠣᠲᠣᠷ᠎ᠠ ᠤᠯᠤᠰ ᠤᠨ ᠶᠡᠬᠡ ᠬᠤᠷᠠᠯ ᠳᠦ ᠡᠷᠭᠦᠨ ᠪᠠᠷᠢᠬᠤ ᠬᠠᠤᠯᠢ ᠶᠢᠨ ᠵᠣᠬᠢᠴᠠᠭᠤᠯᠤᠯᠲᠠ ᠲᠠᠢ᠃ ᠡᠭᠦᠨ ᠲᠡᠢ ᠬᠣᠯᠪᠣᠭᠳᠠᠭᠤᠯᠤᠨ ᠵᠠᠰᠠᠭ ᠤᠨ ᠭᠠᠵᠠᠷ ᠰᠡᠭᠦᠯ ᠦᠨ ᠭᠤᠷᠪᠠᠨ ᠤᠳᠠᠭ᠎ᠠ ᠶᠢᠨ ᠬᠤᠷᠠᠯᠳᠤᠭᠠᠨ ᠢᠶᠠᠷ ᠢᠶᠠᠨ 2020 ᠣᠨ ᠤ ᠲᠦᠰᠦᠯ ᠢᠶᠡᠨ ᠬᠡᠯᠡᠯᠴᠡᠭᠰᠡᠨ᠃ ᠥᠴᠥᠭᠡᠳᠦᠷ ᠰᠡᠭᠦᠯ ᠦᠨ ᠤᠳᠠᠭ᠎ᠠ ᠬᠡᠯᠡᠯᠴᠡᠨ ᠳᠡᠮᠵᠢᠵᠦ᠂ ᠤᠯᠤᠰ ᠤᠨ ᠶᠡᠬᠡ ᠬᠤᠷᠠᠯ ᠳᠦ ᠡᠷᠭᠦᠨ ᠪᠠᠷᠢᠬᠤ ᠪᠠᠷ ᠪᠣᠯᠤᠭᠰᠠᠨ᠃ ᠡᠭᠦᠨ ᠲᠡᠢ ᠬᠣᠯᠪᠣᠭᠳᠠᠭᠤᠯᠤᠨ ᠰᠠᠩ ᠤᠨ ᠰᠠᠶᠢᠳ ᠴ∙ᠬᠦᠷᠡᠯᠪᠠᠭᠠᠲᠤᠷ 2020 ᠣᠨ ᠤ ᠲᠥᠰᠥᠪ ᠦᠨ ᠲᠥᠰᠥᠯ ᠢᠶᠡᠨ ᠲᠠᠨᠢᠯᠴᠠᠭᠤᠯᠤᠯ᠎ᠠ᠃
ᠲᠥᠰᠥᠪ ᠦᠨ ᠣᠷᠣᠯᠭ᠎ᠠ ᠶᠢ 1.8 ᠶᠡᠬᠡ ᠨᠠᠶᠤᠳ ᠲᠥᠭᠥᠷᠢᠭ ᠢᠶᠡᠷ ᠥᠰᠬᠡᠭᠰᠡᠨ᠃ 2020 ᠣᠨ ᠤ ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ ᠲᠡᠩᠴᠡᠪᠦᠷᠢᠵᠢᠭᠦᠯᠦᠭᠰᠡᠨ ᠣᠷᠣᠯᠭ᠎ᠠ ᠶᠢᠨ ᠬᠡᠮᠵᠢᠶ᠎ᠡ ᠶᠢ 11 ᠶᠡᠬᠡ ᠨᠠᠶᠤᠳ 797.8 ᠲᠡᠷᠪᠤᠮ ᠲᠥᠭᠥᠷᠢᠭ᠂ ᠵᠠᠷᠤᠯᠭ᠎ᠠ ᠶᠢᠨ ᠳᠡᠭᠡᠳᠦ ᠬᠡᠮᠵᠢᠶ᠎ᠡ ᠶᠢ 13 ᠶᠡᠬᠡ ᠨᠠᠶᠤᠳ 872.6 ᠲᠡᠷᠪᠤᠮ ᠲᠥᠭᠥᠷᠢᠭ ᠪᠠᠶᠢᠬᠤ ᠪᠠᠷ ᠲᠣᠭᠠᠴᠠᠭᠰᠠᠨ ᠪᠠᠶᠢᠨ᠎ᠠ᠃ ᠲᠦᠰᠦᠪᠲᠦ ᠲᠠᠲᠠᠪᠤᠷᠢ ᠶᠢᠨ ᠣᠷᠣᠯᠭ᠎ᠠ 10.7 ᠶᠡᠬᠡ ᠨᠠᠶᠤᠳ ᠲᠥᠭᠥᠷᠢᠭ ᠪᠠᠶᠢᠬᠤ ᠶᠤᠮ ᠪᠠᠶᠢᠨ᠎ᠠ᠃ 2020 ᠣᠨ ᠳᠤ ᠮᠥᠨ ᠡᠨᠡ ᠣᠨ ᠲᠠᠢ ᠢᠵᠢᠯ 42 ᠰᠠᠶ᠎ᠠ ᠲᠣᠨ ᠨᠡᠭᠦᠷᠡᠰᠦ ᠭᠠᠷᠭᠠᠬᠤ ᠪᠠᠷ ᠲᠥᠯᠥᠪᠯᠡᠵᠡᠢ᠃ ᠵᠡᠰ ᠦᠨ ᠬᠠᠩᠰᠢ ᠶᠢ 5991 ᠳ᠋ᠣᠯᠯᠠᠷ ᠪᠠᠶᠢᠬᠤ ᠪᠠᠷ ᠣᠯᠠᠨ ᠤᠯᠤᠰ ᠤᠨ ᠸᠠᠯᠢᠶᠤᠲ ᠦᠨ ᠲᠣᠭᠲᠠᠭᠠᠭᠰᠠᠨ ᠬᠠᠩᠰᠢ ᠪᠠᠷ ᠲᠣᠭᠠᠴᠠᠭᠰᠠᠨ ᠪᠠᠶᠢᠨ᠎ᠠ᠃ ᠲᠡᠭᠦᠨᠴᠢᠯᠡᠨ 2020 ᠣᠨ ᠳᠤ ᠠᠯᠲᠠ᠂ ᠲᠡᠮᠦᠷ ᠦᠨ ᠬᠥᠳᠡᠷ ᠦᠨ ᠬᠠᠩᠰᠢ ᠥᠰᠦᠯᠲᠡ ᠲᠡᠢ ᠪᠠᠶᠢᠬᠤ ᠲᠠᠭᠠᠮᠠᠭ ᠪᠠᠶᠢᠭ᠎ᠠ ᠠᠵᠢ᠃
ᠴᠡᠴᠡᠷᠯᠢᠭ ᠦᠨ ᠬᠡᠦᠬᠡᠳ ᠦᠨ ᠬᠣᠭᠣᠯᠠᠨ ᠤ ᠮᠥᠩᠭᠥ ᠪᠣᠯᠤᠨ ᠰᠤᠷᠭᠠᠭᠤᠯᠢ ᠶᠢᠨ ᠬᠡᠦᠬᠡᠳ ᠦᠳ ᠦᠨ ︽ᠦᠳᠡ ᠶᠢᠨ ᠴᠠᠢ︾ ᠶᠢᠨ ᠲᠥᠰᠥᠪ ᠢ 50 ᠬᠤᠪᠢᠶᠠᠷᠢ ᠨᠡᠮᠡᠵᠦ ᠪᠠᠶᠢᠭ᠎ᠠ ᠶᠤᠮ ᠪᠠᠶᠢᠨ᠎ᠠ᠃ ᠲᠡᠳᠬᠦᠪᠦᠷᠢ᠂ ᠲᠡᠳᠬᠦᠮᠵᠢ ᠶᠢ ᠨᠡᠮᠡᠬᠦ ᠳᠦ᠂ ᠨᠡᠶᠢᠭᠡᠮ ᠤᠨ ᠳᠠᠭᠠᠳᠬᠠᠯ ᠤᠨ ᠰᠠᠩ ᠠᠴᠠ 150 ᠲᠡᠷᠪᠤᠮ ᠲᠥᠭᠥᠷᠢᠭ ᠪᠤᠶᠤ 418 ᠮᠢᠩᠭᠠᠨ ᠢᠷᠭᠡᠨ ᠬᠠᠮᠤᠷᠤᠭᠤᠯᠬᠤ ᠬᠡᠮᠵᠢᠶᠡᠨ ᠦ ᠮᠥᠩᠭᠥ ᠶᠢ ᠲᠤᠰᠬᠠᠭᠰᠠᠨ ᠪᠣᠯ ᠨᠡᠶᠢᠭᠡᠮ ᠤᠨ ᠬᠠᠯᠠᠮᠵᠢ ᠶᠢᠨ ᠰᠠᠩ ᠠᠴᠠ 17.5 ᠲᠡᠷᠪᠤᠮ ᠲᠥᠭᠥᠷᠢᠭ ᠪᠠᠶᠢᠭ᠎ᠠ ᠶᠤᠮ ᠪᠠᠶᠢᠨ᠎ᠠ᠃ ᠲᠥᠷᠥ ᠶᠢᠨ ᠠᠯᠪᠠᠨ ᠬᠠᠭᠠᠭᠴᠢ ᠶᠢᠨ ᠴᠠᠯᠢᠩ ᠢ ᠨᠡᠮᠡᠬᠦ ᠳᠦ 160 ᠲᠡᠷᠪᠤᠮ ᠲᠥᠭᠥᠷᠢᠭ ᠵᠠᠷᠤᠴᠠᠭᠤᠯᠬᠤ ᠪᠠᠷ ᠮᠥᠨ ᠲᠤᠰᠬᠠᠵᠠᠢ᠃ ᠺᠢᠨᠣ᠋ ᠤᠷᠠᠯᠢᠭ ᠢ ᠳᠡᠮᠵᠢᠬᠦ ᠰᠠᠩ ᠳᠤ 10 ᠲᠡᠷᠪᠤᠮ᠂ ︽ᠲᠤᠤᠺᠢᠤ᠋ 2020︾ ᠍ ᠳᠦ ᠤᠷᠤᠯᠴᠠᠬᠤ ᠲᠠᠮᠢᠷᠴᠢᠳ ᠤᠨ ᠬᠤᠪᠴᠠᠰᠤ ᠪᠤᠰᠤᠳ ᠵᠠᠷᠤᠳᠠᠯ ᠳᠤ 20 ᠲᠡᠷᠪᠤᠮ ᠲᠤᠰᠬᠠᠭᠰᠠᠨ ᠪᠠᠶᠢᠨ᠎ᠠ᠃ ᠢᠷᠡᠬᠦ ᠣᠨ ᠤ ᠰᠣᠩᠭᠣᠭᠤᠯᠢ ᠳᠤ ᠨᠡᠶᠢᠲᠡ 43 ᠲᠡᠷᠪᠤᠮ ᠲᠥᠭᠥᠷᠢᠭ ᠪᠠᠶᠢᠬᠤ ᠪᠠᠷ ᠲᠣᠭᠠᠴᠠᠵᠠᠢ᠃ ᠡᠭᠦᠨ ᠡᠴᠡ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ 20 ᠲᠡᠷᠪᠤᠮ᠂ ᠣᠷᠣᠨ ᠨᠤᠲᠤᠭ ᠤᠨ ᠰᠣᠩᠭᠣᠭᠤᠯᠢ ᠳᠤ 10 ᠭᠠᠷᠤᠢ ᠲᠡᠷᠪᠤᠮ ᠲᠥᠭᠥᠷᠢᠭ ᠲᠥᠰᠥᠪᠯᠡᠭᠰᠡᠨ ᠪᠠᠶᠢᠨ᠎ᠠ᠃ ᠰᠡᠭᠦᠯ ᠦᠨ ᠦᠶ᠎ᠡ ᠳᠦ ᠬᠠᠷ᠎ᠠ ᠲᠠᠮᠠᠬᠢᠨ ᠤ ᠬᠡᠷᠡᠭ ᠮᠣᠩᠭᠣᠯ ᠳᠤ ᠣᠯᠠᠨ ᠭᠠᠷᠴᠤ ᠪᠠᠶᠢᠭ᠎ᠠ ᠲᠤᠯᠠ ᠬᠠᠷ᠎ᠠ ᠲᠠᠮᠠᠬᠢ ᠲᠠᠢ ᠲᠡᠮᠡᠴᠡᠬᠦ ᠵᠠᠷᠤᠳᠠᠯ ᠳᠤ 1.3 ᠲᠡᠷᠪᠤᠮ ᠢ ᠲᠣᠭᠠᠴᠠᠵᠤ᠂ ᠣᠷᠣᠨ ᠲᠣᠭ᠎ᠠ ᠶᠢ 46 ᠍ ᠪᠠᠷ ᠨᠡᠮᠡᠵᠡᠢ᠃
ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠤᠨ ᠪᠤᠴᠠᠭᠠᠯᠲᠠ ᠶᠢ ᠤᠯᠠᠷᠢᠯ ᠲᠤᠲᠤᠮ ᠳᠤ ᠣᠯᠭᠤᠨ᠎ᠠ ᠃ ᠢᠷᠡᠬᠦ ᠣᠨ ᠳᠤ ᠡᠳ᠋ ᠍ ᠦᠨ ᠵᠠᠰᠠᠭ ᠤᠨ ᠥᠰᠦᠯᠲᠡ ᠶᠢ ᠵᠢᠷᠭᠤᠭᠠᠨ ᠬᠤᠪᠢ ᠲᠠᠢ ᠪᠠᠶᠢᠨ᠎ᠠ ᠭᠡᠵᠦ ᠲᠣᠭᠠᠴᠠᠭᠰᠠᠨ ᠭᠡᠳᠡᠭ ᠢ ᠰᠠᠩ ᠤᠨ ᠰᠠᠶᠢᠳ ᠬᠡᠯᠡᠯ᠎ᠡ᠃