ᠴᠸᠬᠤ᠋ ᠤᠯᠤᠰ ᠤᠨ ᠫᠠᠷᠯᠠᠮᠧᠨᠲ ᠤᠨ ᠬᠢᠨ ᠠᠶᠢᠯᠴᠢᠯᠠᠵᠤ ᠪᠠᠶᠢᠨ᠎ᠠ  | News.MN

 ᠴᠸᠬᠤ᠋ ᠤᠯᠤᠰ ᠤᠨ ᠫᠠᠷᠯᠠᠮᠧᠨᠲ ᠤᠨ ᠬᠢᠨ ᠠᠶᠢᠯᠴᠢᠯᠠᠵᠤ ᠪᠠᠶᠢᠨ᠎ᠠ 

ᠪᠦᠭᠦᠳᠡ ᠨᠠᠶᠢᠷᠠᠮᠳᠠᠬᠤ ᠴᠸᠬᠤ᠋ ᠤᠯᠤᠰ ᠤᠨ ᠫᠠᠷᠯᠠᠮᠧᠨᠲ ᠤᠨ ᠰᠧᠨᠠᠲ ᠤᠨ ᠲᠠᠩᠬᠢᠮ ᠤᠨ ᠶᠡᠷᠦᠩᠬᠡᠶᠢᠯᠡᠭᠴᠢ  ᠶᠠᠷᠤᠰᠯᠠᠪ ᠺᠤᠪᠸᠷᠠ ᠶᠢᠨ ᠮᠣᠩᠭᠣᠯ ᠤᠯᠤᠰ ᠲᠤ ᠬᠢᠬᠦ ᠠᠯᠪᠠᠨ ᠶᠣᠰᠣᠨ ᠤ ᠠᠶᠢᠯᠴᠢᠯᠠᠯ ᠥᠨᠥᠳᠥᠷ  ︵2019.09.30︶ ᠡᠬᠢᠯᠡᠵᠦ ᠪᠠᠶᠢᠨ᠎ᠠ᠃ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠶᠠᠷᠤᠰᠯᠠᠪ ᠺᠤᠪᠸᠷᠠ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠶᠢᠨ ᠬᠠᠷᠢᠯᠴᠠᠭ᠎ᠠ᠂ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃ ᠶᠠᠷᠤᠰᠯᠠᠪ ᠺᠤᠪᠸᠷᠠ ᠮᠦᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠪᠠᠷᠠᠭᠠᠯᠬᠠᠬᠤ ᠶᠤᠮ᠃
ᠲᠥᠯᠥᠭᠡᠯᠡᠭᠴᠢᠳ ᠮᠣᠩᠭᠣᠯ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠪᠣᠯᠤᠨ ᠪᠦᠭᠦᠳᠡ ᠨᠠᠶᠢᠷᠠᠮᠳᠠᠬᠤ ᠴᠸᠬᠤ᠋ ᠤᠯᠤᠰ ᠤᠨ ᠡᠯᠴᠢᠨ ᠰᠠᠶᠢᠳ ᠤᠨ ᠶᠠᠮᠤᠨ ᠤ ᠬᠠᠮᠲᠤᠷᠠᠨ ᠵᠣᠬᠢᠶᠠᠨ ᠪᠠᠶᠢᠭᠤᠯᠵᠤ ᠪᠤᠢ ᠪᠢᠽᠢᠨᠧᠰ ᠹᠣᠷᠣᠮ ᠳᠤ ᠣᠷᠣᠯᠴᠠᠵᠤ᠂ ᠳᠠᠷᠠᠭ᠎ᠠ ᠨᠢ ᠬᠥᠰᠢᠭ ᠦᠨ ᠬᠥᠨᠳᠡᠢ ᠳ᠋ᠡᠬᠢ ᠣᠯᠠᠨ ᠤᠯᠤᠰ ᠤᠨ ᠰᠢᠨ᠎ᠡ ᠨᠢᠰᠬᠦ ᠪᠠᠭᠤᠳᠠᠯ ᠤᠨ ᠪᠦᠲᠦᠭᠡᠨ ᠪᠠᠶᠢᠭᠤᠯᠤᠯᠲᠠ ᠲᠠᠢ ᠲᠠᠨᠢᠯᠴᠠᠬᠤ ᠶᠤᠮ᠃

ᠰᠡᠳᠬᠢᠭᠳᠡᠯ ᠦᠯᠡᠳᠡᠭᠡᠬᠦ