ᠪᠠᠾᠷᠧᠢᠨ ᠤ ᠭᠠᠳᠠᠭᠠᠳᠤ ᠶᠠᠮᠤᠨ ᠲᠠᠢ ᠰᠠᠨᠠᠮᠵᠢ ᠪᠢᠴᠢᠭ ᠪᠠᠶᠢᠭᠤᠯᠪᠠ  | News.MN

ᠪᠠᠾᠷᠧᠢᠨ ᠤ ᠭᠠᠳᠠᠭᠠᠳᠤ ᠶᠠᠮᠤᠨ ᠲᠠᠢ ᠰᠠᠨᠠᠮᠵᠢ ᠪᠢᠴᠢᠭ ᠪᠠᠶᠢᠭᠤᠯᠪᠠ 

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 74 ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠵᠤ ᠪᠤᠢ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠪᠠᠾᠷᠧᠢᠨ ᠤ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠰᠠᠶᠢᠳ ᠠᠯᠢ ᠬᠠᠯᠢᠹᠠ ᠲᠠᠢ 2019 ᠣᠨ ᠤ 9 ᠳ᠋ᠤᠭᠡᠷ ᠰᠠᠷ᠎ᠠ ᠶᠢᠨ 27 ᠍ ᠳᠦ ᠠᠭᠤᠯᠵᠠᠵᠤ᠂ ᠣᠯᠠᠨ ᠤᠯᠤᠰ ᠤᠨ ᠬᠠᠷᠢᠯᠴᠠᠭ᠎ᠠ᠂ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠭᠰᠠᠨ ᠤ ᠵᠡᠷᠭᠡᠴᠡᠭᠡ ︽ᠤᠯᠤᠰ ᠲᠥᠷᠥ ᠶᠢᠨ ᠵᠥᠪᠯᠡᠯᠳᠦᠬᠦ ᠠᠭᠤᠯᠵᠠᠯᠲᠠ ᠶᠢᠨ ᠲᠤᠬᠠᠢ︾ ᠮᠣᠩᠭᠣᠯ᠂ ᠪᠠᠾᠷᠧᠢᠨ ᠤ ᠭᠠᠳᠠᠭᠠᠳᠤ  ᠶᠠᠮᠤᠨ ᠬᠣᠭᠣᠷᠣᠨᠳᠣ ᠶᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠪᠠ᠃
ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠭᠰᠠᠨ ᠢᠶᠠᠷ ᠤᠯᠤᠰ ᠲᠥᠷᠥ ᠶᠢᠨ ᠵᠥᠪᠯᠡᠯᠳᠦᠬᠦ ᠠᠭᠤᠯᠵᠠᠯᠲᠠ ᠶᠢᠨ ᠮᠧᠬᠠᠨᠢᠰᠮ᠂ ᠬᠣᠶᠠᠷ ᠪᠣᠯᠤᠨ ᠣᠯᠠᠨ ᠲᠠᠯᠠᠲᠤ ᠬᠠᠷᠢᠯᠴᠠᠭᠠᠨ ᠤ ᠲᠠᠯᠠᠭᠠᠷᠬᠢ ᠪᠦᠬᠦᠢ ᠯᠠ ᠠᠰᠠᠭᠤᠳᠠᠯ᠂ ᠲᠡᠭᠦᠨᠴᠢᠯᠡᠨ ᠪᠥᠰᠡ ᠨᠤᠲᠤᠭ᠂ ᠳᠡᠯᠡᠬᠡᠢ ᠨᠡᠶᠢᠲᠡ ᠶᠢᠨ ᠠᠰᠠᠭᠤᠳᠠᠯ ᠢᠶᠠᠷ ᠪᠦᠲᠦᠭᠡᠯᠴᠢ ᠶᠠᠷᠢᠶ᠎ᠠ ᠬᠡᠯᠡᠴᠡᠭᠡ ᠶᠠᠪᠤᠭᠤᠯᠬᠤ ᠨᠥᠬᠥᠴᠡᠯ ᠪᠥᠷᠢᠳᠴᠦ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ