ᠬᠦᠨᠡᠰᠦᠨ ᠦ ᠨᠣᠭᠣᠭᠠᠨ ᠤ ᠦᠨ᠎ᠡ ᠪᠠᠭᠤᠷᠠᠵᠠᠢ  | News.MN

ᠬᠦᠨᠡᠰᠦᠨ ᠦ ᠨᠣᠭᠣᠭᠠᠨ ᠤ ᠦᠨ᠎ᠡ ᠪᠠᠭᠤᠷᠠᠵᠠᠢ 

ᠨᠡᠶᠢᠰᠯᠡᠯ ᠦᠨ ᠰᠲ᠋ᠠᠲ᠋ᠢᠰᠲ᠋ᠢᠺ ᠤᠨ ᠭᠠᠵᠠᠷ ᠠᠴᠠ ᠥᠩᠭᠡᠷᠡᠭᠰᠡᠨ ᠳᠣᠯᠣᠭ᠎ᠠ ᠬᠣᠨᠣᠭ ᠤᠨ ᠭᠣᠣᠯ ᠨᠡᠷ᠎ᠡ ᠶᠢᠨ ᠪᠠᠷᠠᠭ᠎ᠠ ᠪᠦᠲᠦᠭᠡᠭᠳᠡᠬᠦᠨ ᠦ ᠪᠦᠷᠢᠳᠭᠡᠯ ᠮᠡᠳᠡᠭᠡᠯᠡᠯ ᠢ ᠭᠠᠷᠭᠠᠵᠠᠢ᠃ 2019 ᠣᠨ ᠤ ᠶᠢᠰᠦᠳᠦᠭᠡᠷ ᠰᠠᠷ᠎ᠠ  ᠳᠦ ᠬᠣᠨᠢᠨ ᠤ ᠶᠠᠰᠤ ᠲᠠᠢ ᠮᠢᠬ᠎ᠠ ᠨᠢᠭᠡ ᠺᠢᠯᠦᠭᠷᠡᠮ ᠨᠢ ᠳᠤᠮᠳᠠᠴᠢ ᠪᠠᠷ 9596 ᠲᠥᠭᠥᠷᠢᠭ᠂ ᠦᠬᠡᠷ ᠦᠨ ᠶᠠᠰᠤ ᠲᠠᠢ ᠮᠢᠬ᠎ᠠ ᠨᠢᠭᠡ ᠺᠢᠯᠦᠭᠷᠡᠮ ᠨᠢ ᠳᠤᠮᠳᠠᠴᠢ ᠪᠠᠷ 11353 ᠲᠥᠭᠥᠷᠢᠭ ᠦᠨ ᠦᠨ᠎ᠡ ᠲᠡᠢ ᠪᠠᠶᠢᠨ᠎ᠠ᠃ ᠦᠬᠡᠷ ᠦᠨ ᠶᠠᠰᠤ ᠲᠠᠢ ᠮᠢᠬ᠎ᠠ ︽ᠬᠠᠷᠠᠬᠣᠷᠢᠨ︾ ᠬᠦᠨᠡᠰᠦᠨ ᠦ ᠵᠠᠬ᠎ᠠ ᠳᠤ ᠬᠠᠮᠤᠭ ᠤᠨ ᠬᠢᠮᠳᠠ ᠪᠤᠶᠤ 9800 ᠲᠥᠭᠥᠷᠢᠭ᠂ ᠬᠠᠷᠢᠨ ︽ᠮᠢᠷᠺᠤᠷᠢ︾ ᠬᠦᠨᠡᠰᠦᠨ ᠦ ᠵᠠᠬ᠎ᠠ ᠳᠤ ᠬᠠᠮᠤᠭ ᠤᠨ ᠥᠨᠳᠥᠷ ᠦᠨ᠎ᠡ ᠲᠡᠢ ᠪᠤᠶᠤ 12500 ᠲᠥᠭᠥᠷᠢᠭ ᠪᠠᠶᠢᠨ᠎ᠠ᠃ ᠬᠣᠨᠢᠨ ᠤ ᠶᠠᠰᠤ ᠲᠠᠢ ᠮᠢᠬ᠎ᠠ ︽ᠬᠦᠴᠦᠲᠦ ᠱᠣᠩᠬᠣᠷ︾᠂ ︽ᠬᠠᠷᠠᠬᠣᠷᠢᠨ︾ ᠬᠦᠨᠡᠰᠦᠨ ᠦ ᠵᠠᠬ᠎ᠠ ᠨᠤᠭᠤᠳ ᠲᠤ ᠬᠠᠮᠤᠭ ᠤᠨ ᠬᠢᠮᠳᠠ ᠪᠤᠶᠤ 8500 ᠲᠥᠭᠥᠷᠢᠭ ᠢᠶᠡᠷ᠂ ᠬᠠᠷᠢᠨ ︽ᠮᠢᠷᠺᠤᠷᠢ︾ ᠬᠦᠨᠡᠰᠦᠨ ᠦ ᠵᠠᠬ᠎ᠠ ᠳᠤ ᠬᠠᠮᠤᠭ ᠤᠨ ᠥᠨᠳᠥᠷ ᠦᠨ᠎ᠡ ᠲᠡᠢ ᠪᠤᠶᠤ 10500 ᠲᠥᠭᠥᠷᠢᠭ ᠢᠶᠡᠷ ᠬᠤᠳᠠᠯᠳᠤᠭᠠᠯᠠᠵᠤ ᠪᠠᠶᠢᠨ᠎ᠠ᠃
9  ᠳ᠋ᠤᠭᠡᠷ ᠰᠠᠷ᠎ᠠ ᠳᠤ ᠬᠦᠨᠡᠰᠦᠨ ᠦ ᠨᠤᠭᠤᠭᠠᠨ ᠤ ᠦᠨ᠎ᠡ ᠬᠠᠩᠰᠢ ᠮᠣᠩᠭᠣᠯ ᠲᠥᠮᠥᠰᠥ 3.0 ᠬᠤᠪᠢ ᠪᠠᠷ  ᠪᠠᠭᠤᠷᠠᠵᠤ᠂1013ᠲᠥᠭᠥᠷᠢᠭ ᠢᠶᠠᠷ ᠂ ᠯᠤᠤᠪᠠᠩ 5.6 ᠬᠤᠪᠢ ᠪᠠᠷ ᠪᠠᠭᠤᠷᠠᠵᠤ ᠂ 1726 ᠲᠥᠭᠥᠷᠢᠭ ᠢᠶᠡᠷ᠂  ᠪᠠᠶᠢᠴᠠᠢ 0.9 ᠬᠤᠪᠢ ᠪᠠᠷ ᠪᠠᠭᠤᠷᠠᠵᠤ᠂ 1844 ᠲᠥᠭᠥᠷᠢᠭ ᠢᠶᠡᠷ ᠲᠤᠰ ᠲᠤᠰ ᠬᠤᠳᠠᠯᠳᠤᠭᠠᠯᠠᠭᠳᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ