ᠮᠥᠩᠭᠥᠨ ᠦ ᠪᠣᠳᠣᠯᠭ᠎ᠠ ᠳᠤ ᠶᠠᠭᠤ ᠶᠢ ᠴᠢᠬᠤᠯᠠᠴᠢᠯᠠᠪᠠ  | News.MN

ᠮᠥᠩᠭᠥᠨ ᠦ ᠪᠣᠳᠣᠯᠭ᠎ᠠ ᠳᠤ ᠶᠠᠭᠤ ᠶᠢ ᠴᠢᠬᠤᠯᠠᠴᠢᠯᠠᠪᠠ 

ᠮᠤᠩᠭᠤᠯ ᠪᠠᠩᠭᠢ ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2020 ᠣᠨ ᠳᠤ ᠪᠠᠷᠢᠮᠲᠠᠯᠠᠬᠤ ᠦᠨᠳᠦᠰᠦᠨ ᠴᠢᠭᠯᠡᠯ ᠦᠨ ᠲᠥᠰᠥᠯ ᠢ ᠥᠨᠥᠳᠥᠷ ᠤᠯᠤᠰ ᠤᠨ ᠶᠡᠬᠡ ᠬᠤᠷᠠᠯ ᠳᠦ ᠡᠷᠭᠦᠨ ᠪᠠᠷᠢᠨ᠎ᠠ᠃ ᠢᠷᠡᠬᠦ ᠣᠨ ᠳᠤ ᠮᠥᠩᠭᠥᠨ ᠦ ᠪᠣᠳᠣᠯᠭ᠎ᠠ ᠶᠢᠨ ᠴᠢᠭᠯᠡᠯ ᠢᠶᠡᠷ ᠲᠠᠪᠤᠨ ᠴᠢᠭᠯᠡᠯ ᠳᠦ ᠠᠩᠬᠠᠷᠤᠯ ᠢᠶᠠᠨ ᠬᠠᠨᠳᠤᠭᠤᠯᠬᠤ ᠪᠠᠷ ᠲᠤᠰᠬᠠᠵᠠᠢ᠃
ᠨᠢᠭᠡᠳᠦᠭᠡᠷ ᠲᠦ᠂ ᠮᠣᠩᠭᠣᠯ ᠤᠯᠤᠰ ᠤᠨ ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠲᠣᠭᠲᠠᠯᠴᠠᠭᠠᠨ ᠤ ᠬᠠᠷᠢᠯᠴᠠᠨ ᠦᠨᠡᠯᠡᠭᠡᠨ ᠦ ᠦᠵᠡᠭᠦᠯᠦᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠭᠦᠯᠦᠨ ᠠᠪᠴᠤ᠂ ᠣᠯᠠᠨ ᠤᠯᠤᠰ ᠤᠨ ᠬᠤᠯᠪᠤᠭᠳᠠᠬᠤ ᠪᠠᠶᠢᠭᠤᠯᠤᠯᠭ᠎ᠠ ᠨᠤᠭᠤᠳ ᠲᠠᠢ ᠢᠳᠡᠪᠬᠢᠲᠡᠢ ᠬᠠᠮᠲᠤᠷᠠᠨ ᠠᠵᠢᠯᠯᠠᠬᠤ᠃

ᠬᠣᠶᠠᠳᠤᠭᠠᠷ ᠲᠤ᠂ ᠡᠳ᠋ ᠍ ᠦᠨ ᠵᠠᠰᠠᠭ ᠤᠨ ᠲᠣᠭᠲᠠᠪᠤᠷᠢᠲᠠᠢ ᠥᠰᠦᠯᠲᠡ ᠶᠢ ᠳᠤᠮᠳᠠ ᠬᠤᠭᠤᠴᠠᠭᠠᠨ ᠳᠤ ᠬᠠᠳᠠᠭᠠᠯᠠᠬᠤ᠂ ᠭᠠᠳᠠᠭᠠᠳᠤ ᠥᠷᠢ ᠲᠥᠯᠥᠪᠦᠷᠢ ᠶᠢ ᠰᠢᠢᠳᠪᠦᠷᠢᠯᠡᠬᠦ ᠴᠢᠭᠯᠡᠯ ᠢᠶᠡᠷ ᠣᠯᠠᠨ ᠤᠯᠤᠰ ᠤᠨ ᠰᠠᠩᠬᠦᠦ ᠶᠢᠨ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠬᠤ᠃ ᠮᠣᠩᠭᠣᠯ ᠤᠯᠤᠰ 2020-2024 ᠣᠨ ᠳᠤ 14.3 ᠲᠡᠷᠪᠤᠮ ᠳ᠋ᠣᠯᠯᠠᠷ ᠲᠠᠢ ᠲᠡᠩᠴᠡᠬᠦ ᠭᠠᠳᠠᠭᠠᠳᠤ ᠥᠷᠢ ᠶᠢᠨ ᠡᠷᠭᠢᠨ ᠲᠥᠯᠦᠯᠲᠡ ᠬᠢᠨ᠎ᠡ᠃

ᠭᠤᠷᠪᠠᠳᠤᠭᠠᠷ ᠲᠤ᠂ ᠲᠥᠪ ᠪᠠᠩᠬᠢᠨ ᠤ ᠭᠠᠳᠠᠭᠠᠳᠤ ᠥᠷᠢ ᠶᠢᠨ ᠬᠡᠮᠵᠢᠶ᠎ᠡ ᠶᠢ ᠪᠠᠭᠤᠷᠠᠭᠤᠯᠵᠤ᠂ ᠮᠣᠩᠭᠣᠯ ᠤᠯᠤᠰ ᠤᠨ ᠭᠠᠳᠠᠭᠠᠳᠤ ᠸᠠᠯᠢᠶᠤᠲ ᠤᠨ ᠴᠡᠪᠡᠷ ᠨᠥᠭᠡᠴᠡ ᠶᠢ ᠦᠷᠭᠦᠯᠵᠢᠯᠡᠭᠦᠯᠦᠨ ᠨᠡᠮᠡᠭᠳᠡᠭᠦᠯᠬᠦ᠃ ᠮᠣᠩᠭᠣᠯ ᠤᠯᠤᠰ ᠤᠨ ᠭᠠᠳᠠᠭᠠᠳᠤ ᠥᠷᠢ ᠡᠨᠡ ᠣᠨ ᠤ ᠨᠢᠭᠡᠳᠦᠭᠡᠷ ᠤᠯᠠᠷᠢᠯ ᠤᠨ ᠪᠠᠶᠢᠳᠠᠯ ᠢᠶᠠᠷ 29.5 ᠲᠡᠷᠪᠤᠮ ᠳ᠋ᠣᠯᠯᠠᠷ ᠪᠠᠶᠢᠨ᠎ᠠ᠃ ᠡᠭᠦᠨ ᠦ ᠳᠣᠯᠣᠭᠠᠨ ᠬᠤᠪᠢ  ᠶᠢ ᠲᠥᠪ ᠪᠠᠩᠬᠢᠨ ᠤ ᠭᠠᠳᠠᠭᠠᠳᠤ ᠥᠷᠢ ᠡᠵᠡᠯᠡᠵᠦ ᠪᠠᠶᠢᠭ᠎ᠠ᠃

ᠳᠥᠷᠪᠡᠳᠦᠭᠡᠷ ᠲᠦ᠂ ᠰᠠᠩᠬᠦᠦ ᠶᠢᠨ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠡᠷᠬᠡ ᠵᠦᠢ ᠶᠢᠨ ᠣᠷᠴᠢᠨ ᠢ ᠰᠠᠶᠢᠵᠢᠷᠠᠭᠤᠯᠵᠤ᠂ ᠵᠡᠭᠡᠯᠢ ᠣᠯᠭᠣᠯᠲᠠ ᠶᠢᠨ ᠵᠠᠷᠴᠢᠮ ᠢ ᠣᠯᠠᠨ ᠤᠯᠤᠰ ᠤᠨ ᠵᠢᠱᠢᠭ ᠲᠦ ᠨᠡᠶᠢᠴᠡᠭᠦᠯᠵᠦ᠂ ᠬᠡᠷᠡᠭᠵᠢᠯᠲᠡ ᠶᠢ ᠬᠠᠩᠭᠠᠬᠤ᠃
ᠲᠠᠪᠤᠳᠤᠭᠠᠷ ᠲᠤ᠂ ᠪᠠᠩᠬᠢᠨ ᠤ ᠰᠠᠯᠪᠤᠷᠢ ᠶᠢᠨ ︽ᠴᠢᠨᠠᠷ ᠦᠭᠡᠢ ᠵᠢᠭᠡᠯᠡ ᠶᠢᠨ ᠬᠡᠮᠵᠢᠶ᠎ᠡ ᠶᠢ ᠪᠠᠭᠤᠷᠠᠭᠤᠯᠬᠤ  ᠪᠤᠳᠤᠯᠭ᠎ᠠ︾  ᠶᠢᠨ ᠬᠡᠷᠡᠭᠵᠢᠯᠲᠡ ᠶᠢ ᠬᠠᠩᠭᠠᠵᠤ᠂ ᠬᠠᠤᠯᠢ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠠᠵᠢᠯ ᠢ ᠡᠷᠴᠢᠮᠵᠢᠭᠦᠯᠬᠦ᠃

ᠰᠡᠳᠬᠢᠭᠳᠡᠯ ᠦᠯᠡᠳᠡᠭᠡᠬᠦ