ᠵᠤᠨ ᠤ ᠰᠫᠣᠷᠲ ᠤᠨ ᠭᠤᠴᠢᠨ ᠬᠤᠶᠠᠳᠤᠭᠠᠷ ᠣᠯᠢᠮᠫ ᠤᠨ ᠨᠠᠭᠠᠳᠤᠮ 2020 ᠣᠨ ᠤ ᠳᠣᠯᠣᠳᠤᠭᠠᠷ ᠰᠠᠷ᠎ᠠ ᠶᠢᠨ 24 ᠍ ᠡᠴᠡ ᠨᠠᠢᠮᠠᠳᠤᠭᠠᠷ ᠰᠠᠷ᠎ᠠ ᠶᠢᠨ 9 ᠍ ᠳᠦ ᠶᠠᠫᠣᠨ ᠤᠯᠤᠰ ᠤᠨ ᠨᠡᠶᠢᠰᠯᠡᠯ ᠲᠤᠤᠺᠢᠤ᠋ ᠬᠤᠲᠠ ᠳᠤ ᠪᠣᠯᠤᠨ᠎ᠠ᠃ ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶᠠᠨ ᠤ ᠲᠡᠷᠢᠭᠦᠨ ᠳᠡᠳ᠋ ᠶᠡᠷᠦᠩᠬᠡᠶᠢᠯᠡᠭᠴᠢ᠂ ︽ᠲᠤᠤᠺᠢᠤ᠋-2020︾ ᠣᠯᠢᠮᠫ ᠤᠨ ᠨᠠᠭᠠᠳᠤᠮ ᠳᠤ ᠤᠷᠤᠯᠴᠠᠬᠤ ᠮᠣᠩᠭᠣᠯ ᠤᠨ ᠪᠠᠭ ᠤᠨ ᠠᠬᠠᠯᠠᠭᠴᠢ ᠪ ∙ ᠪᠠᠲᠤᠲ᠋ᠦ᠋ᠰᠢᠭ᠂ ᠲᠤᠤᠺᠢᠤ᠋ ᠬᠣᠲᠠ ᠶᠢᠨ ᠵᠢᠭᠤᠯᠴᠢᠳ ᠤᠨ ᠬᠠᠮᠤᠭ ᠤᠨ ᠣᠯᠠᠨ ᠢᠶᠠᠷ ᠵᠣᠷᠢᠨ ᠣᠴᠢᠳᠠᠭ ᠲᠥᠪ ᠴᠡᠭ ᠪᠣᠯᠬᠤ ︽ᠲᠤᠤᠺᠢᠤ᠋ ᠴᠠᠮᠬᠠᠭ︾ ᠍ ᠦᠨ ᠤᠳᠤᠷᠢᠳᠤᠯᠭ᠎ᠠ ᠨᠠᠷ ᠲᠠᠢ ᠠᠭᠤᠯᠵᠠᠵᠤ᠂ ᠣᠯᠢᠮᠫ ᠤᠨ ᠨᠠᠭᠠᠳᠤᠮ ᠤᠨ ᠦᠶ᠎ᠡ ᠪᠡᠷ Mongolia house ᠪᠠᠶᠢᠭᠤᠯᠤᠨ ᠠᠵᠢᠯᠯᠠᠬᠤ ᠰᠠᠨᠠᠮᠵᠢ ᠪᠢᠴᠢᠭ ᠢ ᠦᠵᠦᠭᠯᠡᠵᠡᠢ᠃
Mongolia House ᠨᠢ ᠣᠯᠢᠮᠫ ᠤᠨ ᠬᠤᠭᠤᠴᠠᠭᠠᠨ ᠳᠤ ᠨᠡᠶᠢᠲᠡ 14 ᠬᠣᠨᠣᠭ ᠦᠢᠯᠡ ᠠᠵᠢᠯᠯᠠᠭ᠎ᠠ ᠶᠠᠪᠤᠭᠤᠯᠬᠤ ᠪᠥᠭᠡᠳ᠂ ᠮᠣᠩᠭᠣᠯ ᠤᠯᠤᠰ ᠤᠨ ᠰᠤᠶᠤᠯ᠂ ᠶᠣᠰᠣ ᠵᠠᠩᠰᠢᠯ᠂ ᠰᠫᠣᠷᠲ ᠤᠨ ᠲᠡᠦᠬᠡᠨ ᠵᠠᠮᠨᠠᠯ ᠢ ᠣᠯᠠᠨ ᠨᠡᠶᠢᠲᠡ ᠳᠦ ᠰᠤᠷᠲᠠᠯᠴᠢᠯᠠᠬᠤ ᠦᠵᠡᠮᠦᠷᠢ ᠨᠦᠭᠦᠳ ᠪᠠᠶᠢᠷᠢᠯᠠᠵᠤ᠂ ᠤᠷᠠᠯᠢᠭ ᠤᠨ ᠲᠣᠭᠯᠠᠯᠲᠠ ᠨᠤᠭᠤᠳ᠂ ᠦᠨᠳᠦᠰᠦᠨ ᠦ ᠪᠷᠠᠨᠳ᠋ ᠤᠨ ᠦᠵᠡᠰᠬᠦᠯᠡᠩ ᠵᠡᠷᠭᠡ ᠣᠯᠠᠨ ᠲᠠᠯᠠᠲᠤ ᠠᠷᠭ᠎ᠠ ᠬᠡᠮᠵᠢᠶ᠎ᠡ ᠨᠦᠭᠦᠳ ᠵᠣᠬᠢᠶᠠᠨ ᠪᠠᠶᠢᠭᠤᠯᠤᠭᠳᠠᠨ᠎ᠠ᠃