ᠦᠯᠭᠡ ᠭᠦᠷᠪᠡᠯ ᠦᠨ ᠣᠯᠳᠠᠪᠤᠷᠢ ᠶᠢ ᠪᠤᠴᠠᠭᠠᠨ ᠠᠪᠬᠤ ᠪᠠᠷ ᠪᠣᠯᠪᠠ  | News.MN

 ᠦᠯᠭᠡ ᠭᠦᠷᠪᠡᠯ ᠦᠨ ᠣᠯᠳᠠᠪᠤᠷᠢ ᠶᠢ ᠪᠤᠴᠠᠭᠠᠨ ᠠᠪᠬᠤ ᠪᠠᠷ ᠪᠣᠯᠪᠠ 

ᠠᠮᠧᠷᠢᠺᠠ  ᠳᠤ ᠬᠤᠷᠢᠶᠠᠭᠳᠠᠭᠠᠳ ᠪᠠᠶᠢᠭᠰᠠᠨ ᠮᠣᠩᠭᠣᠯ ᠤᠯᠤᠰ ᠤᠨ ᠥᠪ ᠪᠣᠯᠬᠤ ᠦᠯᠭᠡ ᠭᠦᠷᠪᠡᠯ ᠦᠨ ᠣᠯᠳᠠᠪᠤᠷᠢ ᠨᠤᠭᠤᠳ ᠡᠬᠡ ᠣᠷᠣᠨ ᠳᠤ ᠪᠠᠨ ᠡᠷᠭᠢᠨ ᠢᠷᠡᠬᠦ ᠪᠡᠷ ᠪᠣᠯᠪᠠ᠃ ᠲᠣᠳᠣᠷᠠᠭᠤᠯᠪᠠᠯ᠂ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ︽ᠥᠮᠴᠢ ᠬᠥᠷᠥᠩᠭᠡ ᠶᠢ ᠬᠠᠷᠢᠯᠴᠠᠨ ᠮᠠᠷᠭᠤᠭᠠᠨ ᠦᠭᠡᠢ ᠨᠥᠬᠥᠴᠡᠯ ᠢᠶᠡᠷ ᠬᠦᠯᠢᠶᠡᠯᠭᠡᠨ ᠥᠭᠬᠦ ᠲᠤᠬᠠᠢ︾ ᠭᠡᠷ᠎ᠡ ᠳᠦ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ᠃
ᠭᠡᠷ᠎ᠡ ᠶᠢᠨ ᠳᠠᠭᠠᠤ ᠬᠠᠤᠯᠢ ᠪᠤᠰᠤ ᠪᠠᠷ ᠬᠢᠯᠢ ᠳᠠᠮᠨᠠᠨ ᠭᠠᠷᠭᠠᠭᠰᠠᠨ ᠦᠯᠭᠡ ᠭᠦᠷᠪᠡᠯ ᠦᠨ ᠣᠯᠳᠠᠪᠤᠷᠢ ᠨᠤᠭᠤᠳ ᠢ ᠥᠮᠴᠢᠯᠡᠬᠦ ᠡᠷᠬᠡ ᠮᠠᠨ ᠤ ᠤᠯᠤᠰ ᠲᠤ ᠰᠢᠯᠵᠢᠵᠦ ᠪᠠᠶᠢᠭ᠎ᠠ ᠶᠤᠮ᠃ ᠣᠳᠣ ᠪᠠᠷ ᠠᠯᠳᠠᠭᠳᠠᠭᠰᠠᠨ ᠣᠯᠳᠠᠪᠤᠷᠢ ᠨᠤᠭᠤᠳ ᠢ ᠬᠠᠮᠢᠭ᠎ᠠ ᠬᠠᠳᠠᠭᠠᠯᠠᠬᠤ ᠨᠢ ᠲᠣᠳᠣᠷᠬᠠᠢ ᠦᠭᠡᠢ ᠪᠠᠶᠢᠭ᠎ᠠ ᠶᠤᠮ᠃ ᠡᠨᠡ ᠠᠰᠠᠭᠤᠳᠠᠯ ᠳᠤ  ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠫᠠᠯᠢᠶᠤᠨᠲ᠋ᠤᠯᠤᠭᠢ ᠭᠧᠣᠯᠣᠭᠢ ᠶᠢᠨ ᠬᠦᠷᠢᠶᠡᠯᠡᠩ ᠡᠴᠡ᠂ ᠠᠯᠳᠠᠭᠳᠠᠭᠰᠠᠨ ᠦᠯᠭᠡ ᠭᠦᠷᠪᠡᠯ ᠦᠨ ᠣᠯᠳᠠᠪᠤᠷᠢ ᠨᠤᠭᠤᠳ ᠢ ᠮᠦᠽᠧᠢ ᠳᠦ ᠪᠠᠶᠢᠷᠢᠯᠠᠭᠤᠯᠵᠤ᠂ ᠣᠯᠠᠨ ᠤ ᠬᠦᠷᠲᠡᠭᠡᠯ ᠪᠣᠯᠭᠠᠬᠤ ᠨᠢ ᠵᠣᠬᠢᠮᠵᠢ ᠦᠭᠡᠢ᠃ ᠤᠴᠢᠷ ᠨᠢ ᠠᠩᠬᠠᠳᠠᠭᠴᠢ ᠪᠠᠶᠢᠳᠠᠯ ᠨᠢ ᠠᠯᠳᠠᠭᠳᠠᠭᠰᠠᠨ ᠭᠡᠵᠦ ᠦᠵᠡᠵᠦ ᠪᠠᠶᠢᠭ᠎ᠠ ᠠᠵᠠᠢ ᠃

ᠰᠡᠳᠬᠢᠭᠳᠡᠯ ᠦᠯᠡᠳᠡᠭᠡᠬᠦ