ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠵᠥᠪᠯᠡᠯ ᠦᠨ ᠬᠤᠷᠠᠯᠳᠤᠭᠠᠨ ᠪᠣᠯᠤᠯ᠎ᠠ  | News.MN

ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠵᠥᠪᠯᠡᠯ ᠦᠨ ᠬᠤᠷᠠᠯᠳᠤᠭᠠᠨ ᠪᠣᠯᠤᠯ᠎ᠠ 

ᠲᠥᠯᠥᠪᠦᠷᠢ ᠶᠢᠨ ᠰᠢᠰᠲ᠋ᠧᠮ ᠳᠦ ᠣᠷᠣᠯᠴᠠᠭᠴᠢ ᠪᠠᠶᠢᠭᠤᠯᠤᠯᠭ᠎ᠠ ᠨᠤᠭᠤᠳ ᠠᠴᠠ ᠪᠦᠷᠢᠳᠦᠭᠰᠡᠨ ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠵᠥᠪᠯᠡᠯ ᠦᠨ ᠬᠤᠶᠠᠳᠤᠭᠠᠷ ᠬᠤᠷᠠᠯᠳᠤᠭᠠᠨ ᠥᠨᠥᠳᠥᠷ ᠪᠣᠯᠤᠯ᠎ᠠ᠃ ᠡᠭᠡᠯᠵᠢᠲᠦ ᠬᠤᠷᠠᠯᠳᠤᠭᠠᠨ ᠢᠶᠠᠷ ᠲᠥᠯᠥᠪᠦᠷᠢ ᠶᠢᠨ ᠰᠢᠰᠲ᠋ᠧᠮ ᠳᠦ ᠨᠡᠪᠲᠡᠷᠡᠭᠦᠯᠦᠭᠡᠳ ᠤᠳᠠᠭ᠎ᠠ ᠦᠭᠡᠢ ᠪᠠᠶᠢᠭ᠎ᠠ АСН+ ᠰᠢᠰᠲ᠋ᠧᠮ ᠳᠦ ᠰᠢᠭᠤᠳ ᠪᠣᠯᠤᠨ ᠰᠢᠭᠤᠳ ᠪᠤᠰᠤ ᠣᠷᠣᠯᠴᠠᠭᠴᠢ ᠬᠡᠨ ᠪᠠᠶᠢᠬᠤ᠂ ᠳᠠᠩᠰᠠᠨ ᠤ ᠨᠢᠭᠡᠳᠦᠭᠰᠡᠨ ᠰᠠᠩ ᠤᠨ ᠲᠤᠬᠠᠢ ᠣᠷᠣᠯᠴᠠᠭᠴᠢ ᠪᠠᠶᠢᠭᠤᠯᠤᠯᠭ᠎ᠠ ᠨᠤᠭᠤᠳ ᠲᠤ ᠲᠠᠶᠢᠯᠪᠤᠷᠢᠯᠠᠯ᠎ᠠ᠃ ᠮᠥᠨ ᠲᠥᠯᠥᠪᠦᠷᠢ ᠶᠢᠨ ᠰᠢᠰᠲ᠋ᠧᠮ ᠦᠨ ᠨᠢᠭᠡᠳᠦᠭᠰᠡᠨ ᠵᠢᠷᠤᠮ ᠤᠨ ᠲᠥᠰᠥᠯ ᠢ ᠲᠠᠨᠢᠯᠴᠠᠭᠤᠯᠵᠤ᠂ ᠦᠨᠳᠦᠰᠦᠨ ᠦ ᠲᠥᠯᠥᠪᠦᠷᠢ ᠶᠢᠨ ᠰᠢᠰᠲ᠋ᠧᠮ ᠳᠦ ᠪᠠᠩᠬᠢ ᠨᠤᠭᠤᠳ ᠤᠨ ᠭᠦᠢᠴᠡᠳᠭᠡᠵᠦ ᠪᠤᠢ ᠡᠭᠦᠷᠭᠡ᠂ ᠰᠢᠢᠳᠪᠦᠷᠢᠯᠡᠬᠦ ᠠᠰᠠᠭᠤᠳᠠᠯ ᠤᠳ ᠢ ᠬᠡᠯᠡᠯᠴᠡᠭᠦᠯᠦᠭᠰᠡᠨ ᠶᠤᠮ᠃
ᠲᠥᠯᠥᠪᠦᠷᠢ ᠶᠢᠨ ᠰᠢᠰᠲ᠋ᠧᠮ ᠦᠨ ᠲᠤᠬᠠᠢ ᠬᠠᠤᠯᠢ ᠪᠠᠷ ᠲᠥᠯᠥᠪᠦᠷᠢ ᠲᠣᠭᠠᠴᠠᠭᠠᠨ ᠤ ᠦᠨᠳᠦᠰᠦᠨ ᠦ ᠵᠥᠪᠯᠡᠯ ᠭᠡᠵᠦ ᠪᠠᠶᠢᠭᠰᠠᠨ ᠢ ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ ᠵᠥᠪᠯᠡᠯ ᠪᠣᠯᠭᠠᠵᠤ ᠮᠣᠩᠭᠣᠯ ᠪᠠᠩᠭᠢᠨ ᠤ ᠬᠠᠷᠢᠶᠠᠨ ᠳᠤ ᠪᠠᠶᠢᠬᠤ ᠪᠠᠷ ᠵᠢᠭᠠᠭᠰᠠᠨ ᠪᠥᠭᠡᠳ ᠮᠣᠩᠭᠣᠯ ᠪᠠᠩᠭᠢᠨ ᠤ ᠶᠡᠷᠦᠩᠬᠡᠶᠢᠯᠡᠭᠴᠢ ᠶᠢᠨ A-261 ᠲᠤᠰᠢᠶᠠᠯ ᠢᠶᠠᠷ ᠪᠠᠲᠤᠯᠠᠭᠰᠠᠨ ᠳᠦᠷᠢᠮ ᠦᠨ ᠳᠠᠭᠠᠤ ᠦᠢᠯᠡ ᠠᠵᠢᠯᠯᠠᠭ᠎ᠠ ᠪᠠᠨ ᠶᠠᠪᠤᠭᠤᠯᠬᠤ ᠶᠤᠮ᠃ ᠲᠤᠰ ᠵᠥᠪᠯᠡᠯ ᠨᠢ ᠮᠣᠩᠭᠣᠯ ᠪᠠᠩᠬᠢ᠂ ᠰᠠᠩ ᠤᠨ ᠶᠠᠮᠤᠨ ᠂ ᠰᠠᠩᠬᠦᠦ ᠶᠢᠨ ᠵᠣᠬᠢᠴᠠᠭᠤᠯᠬᠤ ᠬᠣᠷᠢᠶ᠎ᠠ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠬᠠᠷᠢᠯᠴᠠᠭ᠎ᠠ ᠬᠣᠯᠪᠣᠭ᠎ᠠ ᠮᠡᠳᠡᠭᠡᠯᠡᠯ ᠦᠨ ᠲᠧᠭᠨᠣᠯᠣᠭᠢ ᠶᠢᠨ ᠭᠠᠵᠠᠷ᠂ ᠬᠥᠷᠥᠩᠭᠡ ᠶᠢᠨ ᠪᠢᠷᠵᠢ᠂ ᠦᠨᠡᠲᠦ ᠴᠠᠭᠠᠰᠤᠨ ᠤ ᠲᠥᠪᠯᠡᠷᠡᠭᠰᠡᠨ ᠬᠠᠳᠠᠭᠠᠯᠮᠵᠢ ᠶᠢᠨ ᠲᠥᠪ᠂ ᠮᠣᠩᠭᠣᠯ ᠤᠨ ᠪᠠᠩᠬᠢᠨ ᠤ ᠬᠣᠯᠪᠣᠭ᠎ᠠ᠂ ᠪᠠᠩᠬᠢ ᠪᠤᠰᠤ ᠪᠤᠰᠤ ᠰᠠᠩᠬᠦᠦ ᠶᠢᠨ ᠪᠠᠶᠢᠭᠤᠯᠤᠯᠭ᠎ᠠ ᠨᠤᠭᠤᠳ ᠤᠨ ᠬᠣᠯᠪᠣᠭ᠎ᠠ᠂ ᠮᠣᠩᠭᠣᠯ ᠤᠨ ᠦᠨᠡᠲᠦ ᠴᠠᠭᠠᠰᠤᠨ ᠤ ᠠᠷᠠᠯᠵᠢᠶ᠎ᠠ ᠡᠷᠬᠢᠯᠡᠭᠴᠢᠳ ᠦᠨ ᠬᠣᠯᠪᠣᠭ᠎ᠠ ᠵᠡᠷᠭᠡ ᠪᠠᠶᠢᠭᠤᠯᠤᠯᠭ᠎ᠠ ᠶᠢᠨ ᠬᠣᠯᠪᠣᠭᠳᠠᠬᠤ ᠠᠯᠪᠠᠨ ᠲᠤᠰᠢᠶᠠᠯᠲᠠ ᠨᠤᠭᠤᠳ ᠠᠴᠠ ᠪᠦᠷᠢᠳᠦᠭᠰᠡᠨ ᠪᠦᠲᠦᠴᠡ ᠵᠣᠬᠢᠶᠠᠨ ᠪᠠᠶᠢᠭᠤᠯᠤᠯᠲᠠ ᠲᠠᠢ ᠂ ᠦᠨᠳᠦᠰᠦᠨ ᠦ ᠲᠥᠯᠥᠪᠦᠷᠢ ᠶᠢᠨ ᠰᠢᠰᠲ᠋ᠧᠮ ᠦᠨ  ᠠᠶᠤᠯᠭᠦᠢ ᠨᠠᠶᠢᠳᠠᠪᠤᠷᠢᠲᠠᠢ᠂ ᠰᠢᠭᠤᠷᠬᠠᠢ᠂ ᠨᠢᠭᠡᠳᠦᠮᠡᠯ ᠪᠠᠶᠢᠳᠠᠯ ᠢ ᠬᠠᠩᠭᠠᠵᠤ ᠠᠵᠢᠯᠯᠠᠬᠤ ᠡᠭᠦᠷᠭᠡ ᠶᠢ ᠬᠦᠯᠢᠶᠡᠭᠰᠡᠨ ᠪᠥᠭᠡᠳ ᠮᠣᠩᠭᠣᠯ ᠪᠠᠩᠭᠢᠨ ᠤ ᠳᠡᠳ᠋ ᠶᠡᠷᠦᠩᠬᠡᠶᠢᠯᠡᠭᠴᠢ ᠪᠡᠷ ᠠᠬᠠᠯᠠᠭᠤᠯᠤᠨ ᠠᠵᠢᠯᠯᠠᠳᠠᠭ ᠶᠤᠮ᠃

ᠰᠡᠳᠬᠢᠭᠳᠡᠯ ᠦᠯᠡᠳᠡᠭᠡᠬᠦ