116 ᠢᠷᠭᠡᠨ ᠠᠵᠤ ᠠᠬᠤᠢ ᠶᠢᠨ ᠨᠢᠭᠡᠴᠡ ᠳᠦ ᠠᠶᠠᠯᠠᠯ ᠵᠢᠭᠤᠯᠴᠢᠯᠠᠯ ᠤᠨ ᠡᠷᠬᠡ ᠣᠯᠭᠤᠵᠠᠢ  | News.MN

116 ᠢᠷᠭᠡᠨ ᠠᠵᠤ ᠠᠬᠤᠢ ᠶᠢᠨ ᠨᠢᠭᠡᠴᠡ ᠳᠦ ᠠᠶᠠᠯᠠᠯ ᠵᠢᠭᠤᠯᠴᠢᠯᠠᠯ ᠤᠨ ᠡᠷᠬᠡ ᠣᠯᠭᠤᠵᠠᠢ 

︽ᠤᠯᠠᠭᠠᠨᠪᠠᠭᠠᠲᠤᠷ ᠬᠣᠲᠠ ᠶᠢ 2020 ᠣᠨ ᠬᠦᠷᠲᠡᠯ᠎ᠡ ᠬᠥᠭᠵᠢᠭᠦᠯᠬᠦ ᠶᠡᠷᠦᠩᠬᠡᠢ ᠲᠥᠯᠦᠪᠯᠡᠭᠡᠨ ᠦ ᠲᠣᠳᠣᠳᠬᠠᠯ᠂ 2030 ᠣᠨ ᠬᠦᠷᠲᠡᠯᠡᠬᠢ ᠬᠥᠭᠵᠢᠯ ᠦᠨ ᠴᠢᠭ ᠬᠠᠨᠳᠤᠯᠭ᠎ᠠ ᠶᠢᠨ ᠪᠠᠷᠢᠮᠲᠠ ᠪᠢᠴᠢᠭ︾ ᠪᠣᠯᠤᠨ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ 2015 ᠣᠨ ᠤ ᠠᠷᠪᠠᠨ ᠨᠢᠭᠡᠳᠦᠭᠡᠷ ᠰᠠᠷ᠎ᠠ ᠶᠢᠨ 20 ᠍ ᠦ ᠡᠳᠦᠷ ᠦᠨ 198 ᠳ᠋ᠤᠭᠠᠷ ᠲᠣᠭᠲᠠᠭᠠᠯ ᠢᠶᠠᠷ ︽ᠨᠢᠰᠬᠦ – ᠶᠠᠭᠠᠷᠮᠠᠭ︾ ᠣᠷᠴᠢᠮ ᠤᠨ ᠣᠷᠣᠨ ᠰᠠᠭᠤᠴᠠᠨ ᠤ ᠬᠣᠷᠢᠶᠠᠯᠠᠯ ᠤᠨ ᠶᠡᠷᠦᠩᠬᠡᠢ ᠲᠥᠯᠥᠪᠯᠡᠭᠡ ᠪᠠᠲᠤᠯᠠᠭᠳᠠᠭᠰᠠᠨ᠃
ᠡᠨᠡᠬᠦ ᠪᠠᠲᠤᠯᠠᠭᠳᠠᠭᠰᠠᠨ ᠶᠡᠷᠦᠩᠬᠡᠢ ᠲᠥᠯᠥᠪᠯᠡᠭᠡ᠂ ᠨᠡᠶᠢᠰᠯᠡᠯ ᠦᠨ ᠠᠦ᠋ᠲ᠋ᠣ᠋ ᠵᠠᠮ ᠤᠨ ᠮᠠᠰᠲ᠋ᠸᠷ ᠲᠥᠯᠦᠪᠯᠡᠭᠡᠨ ᠦ ᠳᠠᠭᠠᠤ ᠡᠬᠢᠨ ᠦ ᠡᠭᠡᠯᠵᠢᠨ ᠳᠦ 13 ᠺᠢᠯᠣᠮᠧᠲ᠋ᠷ ᠦᠷᠭᠦᠯᠵᠢᠯᠡᠬᠦ 6 ᠡᠩᠨᠡᠭᠡ ᠪᠦᠬᠦᠢ ᠭᠣᠣᠯ ᠵᠠᠮ᠂ 23 ᠺᠢᠯᠣᠮᠧᠲ᠋ᠷ ᠦᠷᠭᠦᠯᠵᠢᠯᠡᠬᠦ ᠲᠤᠰᠠᠯᠠᠬᠤ ᠠᠦ᠋ᠲ᠋ᠣ᠋ ᠵᠠᠮ ᠪᠠᠷᠢᠵᠤ ᠪᠠᠶᠢᠭᠤᠯᠬᠤ ᠪᠠᠷ ᠬᠣᠯᠪᠣᠭᠳᠠᠬᠤ ᠮᠡᠷᠭᠡᠵᠢᠯ ᠦᠨ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠵᠤ ᠪᠠᠶᠢᠭ᠎ᠠ ᠠᠵᠠᠢ ᠃
ᠳᠡᠭᠡᠷᠡᠬᠢ ᠬᠡᠰᠡᠭᠴᠢᠯᠡᠭᠰᠡᠨ ᠶᠡᠷᠦᠩᠬᠡᠢ ᠲᠥᠯᠦᠪᠯᠡᠭᠡᠨ ᠦ ᠠᠦ᠋ᠲ᠋ᠣ᠋ ᠵᠠᠮ ᠤᠨ ᠲᠷᠠᠰᠰ ᠳᠠᠭᠠᠤ ᠪᠠᠶᠢᠭᠠᠯᠢ ᠣᠷᠴᠢᠨ ᠠᠶᠠᠯᠠᠯ ᠵᠢᠭᠤᠯᠴᠢᠯᠠᠯ ᠤᠨ ᠶᠠᠮᠤᠨ ᠠᠴᠠ ᠠᠶᠠᠯᠠᠯ ᠵᠢᠭᠤᠯᠴᠢᠯᠠᠯ ᠤᠨ ᠵᠣᠷᠢᠭᠤᠯᠤᠯᠲᠠ ᠪᠠᠷ ᠡᠷᠬᠡ ᠣᠯᠭᠤᠭᠰᠠᠨ 116 ᠢᠷᠭᠡᠨ ᠠᠵᠤ ᠠᠬᠤᠢ ᠨᠢᠭᠡᠴᠡ ᠪᠠᠶᠢᠭᠤᠯᠤᠯᠭ᠎ᠠ ᠪᠠᠶᠢᠭ᠎ᠠ ᠶᠤᠮ ᠪᠠᠶᠢᠨ᠎ᠠ᠃ ᠡᠶᠢᠮᠦ ᠳᠦ ᠤᠯᠠᠭᠠᠨᠪᠠᠭᠠᠲᠤᠷ ᠬᠣᠲᠠ ᠶᠢᠨ ᠳᠡᠳ᠋ ᠪᠦᠲᠦᠴᠡ ᠶᠢ ᠰᠠᠶᠢᠵᠢᠷᠠᠭᠤᠯᠬᠤ᠂ ᠢᠷᠭᠡᠳ ᠦᠨ ᠡᠷᠡᠭᠦᠯ ᠠᠶᠤᠯᠭᠦᠢ ᠂ ᠠᠶ᠎ᠠ ᠲᠤᠬᠠᠲᠠᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠪᠠᠲᠤᠯᠠᠭᠳᠠᠭᠰᠠᠨ ᠶᠡᠷᠦᠩᠬᠡᠢ ᠲᠥᠯᠥᠪᠯᠡᠭᠡ ᠪᠣᠯᠤᠨ ᠨᠡᠶᠢᠰᠯᠡᠯ ᠦᠨ ᠠᠦ᠋ᠲ᠋ᠣ᠋ ᠵᠠᠮ ᠤᠨ ᠮᠠᠰᠲ᠋ᠸᠷ ᠲᠥᠯᠥᠪᠯᠡᠭᠡ ᠶᠢ ᠬᠡᠷᠡᠭᠵᠢᠭᠦᠯᠬᠦ ᠳᠦ ᠢᠷᠭᠡᠨ᠂ ᠠᠵᠤ ᠠᠬᠤᠢ ᠨᠢᠭᠡᠴᠡ ᠪᠠᠶᠢᠭᠤᠯᠤᠯᠭ᠎ᠠ ᠭᠠᠵᠠᠷ ᠴᠢᠯᠦᠭᠡᠯᠡᠵᠦ᠂ ᠪᠦᠲᠦᠭᠡᠨ ᠪᠠᠶᠢᠭᠤᠯᠤᠯᠲᠠ ᠶᠢᠨ ᠠᠵᠢᠯ ᠳᠤ ᠳᠡᠮᠵᠢᠯᠭᠡ ᠦᠵᠡᠭᠦᠯᠬᠦ ᠶᠢ ᠤᠷᠢᠶᠠᠯᠠᠯ᠎ᠠ᠃

ᠰᠡᠳᠬᠢᠭᠳᠡᠯ ᠦᠯᠡᠳᠡᠭᠡᠬᠦ