ᠪ∙ᠡᠨᠡᠷᠢᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠳᠤ ᠦᠭᠡ ᠬᠡᠯᠡᠯ᠎ᠡ  | News.MN

ᠪ∙ᠡᠨᠡᠷᠢᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠳᠤ ᠦᠭᠡ ᠬᠡᠯᠡᠯ᠎ᠡ 

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠ᠊∙ ᠭᠤᠲᠸᠷᠷᠸᠰ ᠦᠨ ᠰᠠᠨᠠᠭᠠᠴᠢᠯᠠᠭ᠎ᠠ ᠪᠠᠷ ᠠᠭᠤᠷ ᠠᠮᠢᠰᠬᠤᠯ ᠤᠨ ᠦᠢᠯᠡ ᠠᠵᠢᠯᠯᠠᠭᠠᠨ ᠤ ᠳᠡᠭᠡᠳᠦ ᠬᠡᠮᠵᠢᠶᠡᠨ ᠦ ᠠᠭᠤᠯᠵᠠᠯᠲᠠ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 74  ᠳ᠋ᠤᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠦᠨ ᠬᠦᠷᠢᠶᠡᠨ ᠳᠦ  ᠨᠢᠦ᠋ ᠶᠤᠷᠺ ᠬᠤᠲᠠ ᠳᠤ ᠡᠨᠡ ᠣᠨ ᠤ ᠶᠢᠰᠦᠳᠦᠭᠡᠷ ᠰᠠᠷ᠎ᠠ ᠶᠢᠨ 23 ᠍ ᠳᠦ ᠪᠣᠯᠤᠭᠰᠠᠨ᠃ ᠠᠭᠤᠷ ᠠᠮᠢᠰᠬᠤᠯ ᠤᠨ ᠦᠢᠯᠡ ᠠᠵᠢᠯᠯᠠᠭᠠᠨ ᠤ ᠳᠡᠭᠡᠳᠦ ᠬᠡᠮᠵᠢᠶᠡᠨ ᠦ ᠠᠭᠤᠯᠵᠠᠯᠲᠠ ᠨᠢ ᠫᠠᠷᠢᠰ ᠤᠨ ᠬᠡᠯᠡᠯᠴᠡᠭᠡᠷ ᠦᠨ ᠪᠣᠳᠠᠲᠤ ᠬᠡᠷᠡᠭᠵᠢᠯᠲᠡ ᠶᠢ ᠲᠦᠷᠭᠡᠪᠴᠢᠯᠡᠭᠦᠯᠬᠦ᠂ ᠤᠯᠤᠰ ᠣᠷᠣᠨ ᠨᠤᠭᠤᠳ ᠤᠨ ᠳᠡᠪᠰᠢᠭᠦᠯᠦᠭᠰᠡᠨ ᠠᠭᠤᠷ ᠠᠮᠢᠰᠬᠤᠯ ᠤᠨ ᠦᠢᠯᠡ ᠠᠵᠢᠯᠯᠠᠭᠠᠨ ᠤ ᠰᠠᠨᠠᠯ ᠰᠠᠨᠠᠭᠠᠴᠢᠯᠠᠭ᠎ᠠ ᠶᠢ ᠳᠡᠮᠵᠢᠬᠦ᠂ ᠬᠤᠪᠢ ᠶᠢᠨ ᠬᠡᠪᠰᠢᠯ᠂ ᠢᠷᠭᠡᠨ ᠦ ᠨᠡᠶᠢᠭᠡᠮ᠂ ᠪᠠᠩᠬᠢ ᠰᠠᠩᠬᠦᠦ ᠶᠢᠨ ᠪᠠᠶᠢᠭᠤᠯᠤᠯᠭ᠎ᠠ ᠶᠢᠨ ᠣᠷᠣᠯᠴᠠᠭ᠎ᠠ ᠶᠢ ᠢᠳᠡᠪᠬᠢᠵᠢᠭᠦᠯᠬᠦ ᠵᠣᠷᠢᠯᠭ᠎ᠠ ᠲᠠᠢ ᠶᠤᠮ᠃
ᠮᠣᠩᠭᠣᠯ ᠤᠯᠤᠰ ᠤᠨ ᠵᠠᠰᠠᠭ ᠤᠨ ᠭᠠᠵᠠᠷ ᠤᠨ ᠲᠥᠯᠥᠭᠡᠯᠡᠭᠴᠢᠳ ᠠᠭᠤᠷ ᠠᠮᠢᠰᠬᠤᠯ ᠤᠨ ᠦᠢᠯᠡ ᠠᠵᠢᠯᠯᠠᠭᠠᠨ ᠤ ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠣᠯᠴᠠᠵᠤ᠂ ᠫᠠᠷᠢᠰ ᠤᠨ ᠬᠡᠯᠡᠯᠴᠡᠭᠡᠷ ᠦᠨ ᠬᠡᠷᠡᠭᠵᠢᠯᠲᠡ ᠳᠦ ᠤᠷᠤᠭᠤᠯᠬᠤ ᠦᠨᠳᠦᠰᠦᠨ ᠦ ᠬᠤᠪᠢ ᠨᠡᠮᠡᠷᠢ ᠶᠢ ᠨᠡᠮᠡᠭᠳᠡᠭᠦᠯᠬᠦ ᠲᠠᠯ᠎ᠠ ᠪᠠᠷ ᠮᠡᠳᠡᠭᠡᠯᠡᠪᠡ᠃ ᠲᠡᠭᠦᠨᠴᠢᠯᠡᠨ ᠠᠭᠤᠷ ᠠᠮᠢᠰᠬᠤᠯ ᠤᠨ ᠦᠢᠯᠡ ᠠᠵᠢᠯᠯᠠᠭᠠᠨ ᠤ ᠳᠡᠭᠡᠳᠦ ᠬᠡᠮᠵᠢᠶᠡᠨ ᠦ ᠠᠭᠤᠯᠵᠠᠯᠲᠠ ᠶᠢᠨ ᠬᠦᠷᠢᠶᠡᠨ ᠳᠦ ᠡᠨᠡ ᠶᠢᠰᠦᠳᠦᠭᠡᠷ ᠰᠠᠷ᠎ᠠ ᠶᠢᠨ 21 ᠍ ᠦ ᠡᠳᠦᠷ ᠵᠠᠯᠠᠭᠤᠰ ᠤᠨ ᠦᠵᠡᠯ ᠪᠣᠳᠣᠯ ᠢ ᠰᠤᠨᠤᠰᠬᠤ᠂ ᠲᠡᠳᠡᠨ ᠲᠡᠢ ᠵᠥᠪᠯᠡᠯᠳᠦᠬᠦ ᠵᠣᠷᠢᠯᠭ᠎ᠠ ᠲᠠᠢ ᠵᠠᠯᠠᠭᠤᠴᠤᠳ ᠤᠨ ᠳᠡᠭᠡᠳᠦ ᠬᠡᠮᠵᠢᠶᠡᠨ ᠦ ᠠᠭᠤᠯᠵᠠᠯᠲᠠ ᠪᠣᠯᠵᠠᠢ᠃ ᠠᠭᠤᠯᠵᠠᠯᠲᠠ ᠳᠤ  ᠪᠠᠶᠢᠭᠠᠯᠢ ᠤᠷᠴᠢᠨ ᠤ ᠶᠠᠮᠤᠨ ᠍ ᠤ ᠰᠠᠨᠠᠭᠠᠴᠢᠯᠠᠭ᠎ᠠ ︽ᠨᠣᠭᠣᠭᠠᠨ ᠫᠠᠰᠫᠣᠷᠲ︾ ᠠᠶᠠᠨ ᠤ ᠬᠦᠷᠢᠶᠡᠨ ᠳᠦ ᠪᠣᠯᠤᠭᠰᠠᠨ ᠥᠰᠪᠦᠷᠢ ᠦᠶ᠎ᠡ ᠶᠢᠨ ᠬᠢᠨ ᠦ ᠪᠠᠶᠢᠭᠠᠯᠢ ᠡᠺᠤᠯᠤᠭᠢ ᠶᠢᠨ ᠮᠡᠳᠡᠯᠭᠡ ᠶᠢ ᠳᠡᠭᠡᠭᠰᠢᠯᠡᠭᠦᠯᠬᠦ ᠰᠢᠯᠭᠠᠷᠠᠭᠤᠯᠤᠯᠲᠠ ᠳᠤ ᠰᠢᠯᠢᠳᠡᠭ ᠢᠶᠡᠷ ᠰᠢᠯᠭᠠᠷᠠᠭᠰᠠᠨ ᠰᠤᠷᠤᠭᠴᠢ ᠪ∙ᠡᠨᠡᠷᠢᠯ ᠠᠮᠵᠢᠯᠲᠠᠲᠠᠢ ᠣᠷᠣᠯᠴᠠᠵᠤ᠂ ᠮᠣᠩᠭᠣᠯ ᠰᠤᠷᠤᠭᠴᠢᠳ ᠤᠨ ᠬᠦᠲᠦᠯᠵᠦ ᠪᠤᠢ ︽ᠨᠣᠭᠣᠭᠠᠨ ᠫᠠᠰᠫᠣᠷᠲ︾ ᠰᠠᠨᠠᠭᠠᠴᠢᠯᠠᠭ᠎ᠠ ᠶᠢ ᠦᠨᠳᠦᠰᠦᠨ ᠦ ᠲᠤᠷᠰᠢᠯᠭ᠎ᠠ ᠪᠣᠯᠭᠠᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠨᠳᠡᠷ ᠳᠡᠭᠡᠷ᠎ᠡ ᠡᠴᠡ ᠲᠠᠨᠢᠯᠴᠠᠭᠤᠯᠵᠠᠢ᠃

ᠰᠡᠳᠬᠢᠭᠳᠡᠯ ᠦᠯᠡᠳᠡᠭᠡᠬᠦ