ᠨᠸᠹᠲ ᠦᠨ ᠦᠢᠯᠡᠳᠪᠦᠷᠢ 2025 ᠣᠨ ᠬᠦᠷᠲᠡᠯ᠎ᠡ ᠠᠰᠢᠭᠯᠠᠯᠲᠠ ᠳᠤ ᠣᠷᠣᠬᠤ ᠦᠭᠡᠢ ᠨᠢ ᠡ  | News.MN

ᠨᠸᠹᠲ ᠦᠨ ᠦᠢᠯᠡᠳᠪᠦᠷᠢ 2025 ᠣᠨ ᠬᠦᠷᠲᠡᠯ᠎ᠡ ᠠᠰᠢᠭᠯᠠᠯᠲᠠ ᠳᠤ ᠣᠷᠣᠬᠤ ᠦᠭᠡᠢ ᠨᠢ ᠡ 

ᠮᠠᠨ ᠤ ᠬᠢ ᠭᠠᠵᠠᠷ ᠤᠨ ᠲᠣᠰᠤᠨ ᠤ ᠦᠢᠯᠡᠳᠪᠦᠷᠢ ᠪᠠᠷᠢᠨ᠎ᠠ ᠭᠡᠵᠦ ᠣᠯᠠᠨ ᠵᠢᠯ ᠶᠠᠷᠢᠵᠤ ᠪᠠᠶᠢᠭᠠᠳ ᠥᠩᠭᠡᠷᠡᠭᠰᠡᠨ 2018 ᠣᠨ ᠤ ᠵᠢᠷᠭᠤᠳᠤᠭᠠᠷ ᠰᠠᠷ᠎ᠠ ᠶᠢᠨ 22 ᠍ ᠳᠦ ᠳᠣᠷᠣᠨᠠᠭᠣᠪᠢ ᠠᠶᠢᠮᠠᠭ ᠤᠨ ᠠᠯᠲᠠᠨᠰᠢᠷᠡᠭᠡ ᠰᠤᠮᠤᠨ ᠳᠤ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠠᠵᠢᠯ ᠢ ᠡᠬᠢᠯᠡᠭᠦᠯᠵᠦ᠂ ᠳᠡᠳ᠋ ᠪᠦᠲᠦᠴᠡ ᠶᠢᠨ ᠪᠠᠷᠢᠯᠭ᠎ᠠ ᠶᠢᠨ ᠠᠵᠢᠯ ᠤᠨ ᠰᠠᠭᠤᠷᠢ ᠶᠢ ᠲᠠᠯᠪᠢᠭᠰᠠᠨ᠃ ᠡᠨᠡᠬᠦ ᠭᠠᠵᠠᠷ ᠤᠨ ᠲᠣᠰᠤᠨ ᠤ ᠪᠣᠯᠪᠠᠰᠤᠷᠠᠭᠤᠯᠬᠤ ᠦᠢᠯᠡᠳᠪᠦᠷᠢ ᠨᠢ 150 ᠭᠠ ᠲᠠᠯᠠᠪᠠᠢ ᠳᠤ ᠪᠠᠷᠢᠭᠳᠠᠵᠤ ᠪᠠᠶᠢᠭ᠎ᠠ᠂ ᠵᠢᠯ ᠳᠦ 1.5 ᠰᠠᠶ᠎ᠠ ᠲᠣᠨ ᠭᠠᠵᠠᠷ ᠤᠨ ᠲᠣᠰᠣ ᠪᠣᠯᠪᠠᠰᠤᠷᠠᠭᠤᠯᠬᠤ ᠬᠦᠴᠦᠨ ᠴᠢᠳᠠᠯ ᠲᠠᠢ᠃ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠍ ᠤᠨ ᠵᠠᠰᠠᠭ ᠤᠨ ᠭᠠᠵᠠᠷ ᠤᠨ ᠮᠣᠩᠭᠣᠯ ᠤᠯᠤᠰ ᠲᠤ ᠣᠯᠭᠤᠵᠤ ᠪᠤᠢ ᠨᠢᠭᠡ ᠲᠡᠷᠪᠤᠮ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡ ᠶᠢᠨ ᠰᠠᠩᠬᠦᠦᠵᠢᠯᠲᠡ ᠪᠡᠷ ᠪᠠᠷᠢᠭᠳᠠᠵᠤ᠂ 2021 ᠣᠨ ᠳᠤ ᠠᠰᠢᠭᠯᠠᠯᠲᠠ ᠳᠤ ᠤᠷᠤᠭᠤᠯᠬᠤ ᠲᠥᠯᠥᠪᠯᠡᠭᠡ ᠲᠡᠢ ᠠᠵᠢᠯᠯᠠᠵᠤ ᠪᠠᠶᠢᠭ᠎ᠠ ᠪᠢᠯᠡ᠃

ᠭᠡᠪᠡᠴᠦ ᠪᠣᠳᠠᠲᠤ ᠪᠠᠶᠢᠳᠠᠯ ᠳᠡᠭᠡᠷ᠎ᠡ ᠡᠨᠡ ᠠᠵᠢᠯ 2025 ᠣᠨ ᠠᠴᠠ ᠨᠠᠭᠠᠰᠢ ᠦᠭᠡᠢ ᠪᠠᠶᠢᠳᠠᠯ ᠲᠠᠢ ᠪᠠᠶᠢᠨ᠎ᠠ᠃ ᠦᠢᠯᠡᠳᠪᠦᠷᠢ ᠳᠦ ᠠᠵᠢᠯᠯᠠᠬᠤ ᠪᠣᠯᠪᠠᠰᠤᠨ ᠬᠦᠴᠦᠨ ᠢ ᠪᠡᠯᠡᠳᠬᠡᠬᠦ ᠵᠣᠷᠢᠯᠭ᠎ᠠ ᠪᠠᠷ ᠡᠨᠡᠳᠬᠡᠭ ᠤᠯᠤᠰ ᠨᠢ ᠳᠣᠷᠣᠨᠠᠭᠣᠪᠢ ᠠᠶᠢᠮᠠᠭ ᠤᠨ 10-15 ᠬᠡᠦᠬᠡᠳ ᠵᠠᠯᠠᠭᠤᠴᠤᠳ ᠢ ᠰᠤᠷᠭᠠᠬᠤ ᠪᠠᠷ ᠪᠣᠯᠵᠤ ᠪᠠᠶᠢᠭᠰᠠᠨ ᠪᠢᠯᠡ᠃ ᠬᠠᠷᠢᠨ ᠡᠨᠡ ᠪᠣᠯᠪᠠᠰᠤᠨ ᠬᠦᠴᠦᠨ ᠪᠡᠯᠡᠳᠬᠡᠭᠳᠡᠵᠦ ᠪᠠᠶᠢᠭ᠎ᠠ ᠤᠤ᠂ ᠬᠠᠷᠢᠭᠤᠯᠲᠠ ᠨᠡᠬᠡᠭᠰᠡᠨ ᠠᠰᠠᠭᠤᠯᠲᠠ ᠦᠷᠭᠦᠯᠵᠢᠯᠡᠭᠰᠡᠭᠡᠷ᠃

ᠰᠡᠳᠬᠢᠭᠳᠡᠯ ᠦᠯᠡᠳᠡᠭᠡᠬᠦ