ᠸᠯᠠᠳᠢᠸᠤᠰᠲ᠋ᠤᠺ ᠲᠤ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ  ᠨᠡᠭᠡᠭᠡᠨ᠎ᠡ  | News.MN

 ᠸᠯᠠᠳᠢᠸᠤᠰᠲ᠋ᠤᠺ ᠲᠤ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ  ᠨᠡᠭᠡᠭᠡᠨ᠎ᠡ 

     ᠭᠠᠳᠠᠭᠠᠳᠤ ᠬᠠᠷᠢᠯᠴᠠᠭᠠᠨ ᠤ ᠰᠠᠶᠢᠳ ᠳᠴᠣᠭᠲᠤᠪᠠᠭᠠᠲᠤᠷ ᠣᠷᠣᠰ ᠤᠨ ᠰᠣᠴᠢ  ᠬᠤᠲᠠᠨ᠎ᠠ 2019 ᠣᠨ ᠤ 10 ᠳ᠋ᠤᠭᠠᠷ ᠰᠠᠷ᠎ᠠ ᠶᠢᠨ 1-3 ᠍ ᠤ ᠡᠳᠦᠷ ᠦᠳ ᠲᠦ ᠪᠣᠯᠵᠤ ᠪᠤᠢ ︽ᠸᠠᠯᠳᠠᠢ ᠶᠢᠨ 16 ᠳ᠋ᠤᠭᠠᠷ ᠪᠠᠭ᠎ᠠ ᠬᠤᠷᠠᠯ︾ ᠤᠨ ᠦᠶ᠎ᠡ ᠪᠡᠷ ᠣᠷᠣᠰ ᠤᠨ ᠭᠠᠳᠠᠭᠠᠳᠤ ᠬᠡᠷᠡᠭ ᠦᠨ ᠰᠠᠶᠢᠳ ᠰᠯᠠᠪᠷᠤᠪ ᠲᠠᠢ ᠠᠭᠤᠯᠵᠠᠵᠤ ᠂ ᠬᠣᠶᠠᠷ ᠲᠠᠯ᠎ᠠ ᠶᠢᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠰᠠᠨᠠᠯ ᠰᠤᠯᠢᠯᠴᠠᠪᠠ᠃ ᠲᠤᠬᠠᠶᠢᠯᠠᠪᠠᠯ᠂ ᠬᠤᠳᠠᠯᠳᠤᠭ᠎ᠠ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠲᠦᠯᠬᠢᠴᠡ ᠦᠵᠡᠭᠦᠯᠬᠦ  ︽ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠪᠠ ᠵᠥᠪᠯᠡᠯᠲᠦ ᠰᠤᠽᠢᠶᠠᠯᠢᠰᠲ ᠪᠦᠭᠦᠳᠡ ᠨᠠᠶᠢᠷᠠᠮᠳᠠᠬᠤ ᠬᠣᠯᠪᠣᠭᠠᠲᠤ ᠤᠯᠤᠰ ᠤᠨ ᠬᠣᠭᠣᠷᠣᠨᠳᠣᠬᠢ 1957 ᠣᠨ ᠤ ᠬᠤᠳᠠᠯᠳᠤᠭᠠᠨ ᠤ ᠭᠡᠷ᠎ᠡ ᠳᠦ ᠨᠡᠮᠡᠯᠲᠡ ᠤᠷᠤᠭᠤᠯᠬᠤ ᠠᠷᠭ᠎ᠠ ᠬᠡᠮᠵᠢᠶ᠎ᠡ ᠡᠴᠦᠰᠯᠡᠭᠰᠡᠨ ᠲᠡᠢ ᠬᠤᠯᠪᠤᠭᠳᠠᠭᠤᠯᠤᠨ ᠣᠷᠣᠰ ᠤᠨ ᠸᠯᠠᠳᠢᠸᠤᠰᠲ᠋ᠤᠺ ᠬᠤᠲᠠ ᠳᠤ ᠮᠣᠩᠭᠣᠯ ᠤᠯᠤᠰ ᠤᠨ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ ᠢ ᠨᠡᠭᠡᠭᠡᠬᠦ ᠠᠵᠢᠯ ᠢ ᠬᠤᠷᠳᠤᠰᠬᠠᠵᠤ᠂ ᠣᠶᠢᠷ᠎ᠠ ᠶᠢᠨ ᠬᠤᠭᠤᠴᠠᠭᠠᠨ ᠳᠤ ᠵᠣᠷᠢᠯᠲᠠ ᠶᠢ ᠬᠡᠷᠡᠭᠵᠢᠭᠦᠯᠬᠦ ᠲᠤᠬᠠᠢ ᠬᠣᠶᠠᠷ ᠲᠠᠯ᠎ᠠ ᠲᠣᠬᠢᠷᠠᠪᠠ᠃ 

 

ᠰᠡᠳᠬᠢᠭᠳᠡᠯ ᠦᠯᠡᠳᠡᠭᠡᠬᠦ