ᠮᠤᠩᠭᠤᠯ ᠳᠤ 47.4 ᠮᠢᠩᠭᠠᠨ ᠪᠠᠭᠰᠢ ᠠᠵᠢᠯᠯᠠᠵᠤ ᠪᠠᠶᠢᠨ᠎ᠠ  | News.MN

ᠮᠤᠩᠭᠤᠯ ᠳᠤ 47.4 ᠮᠢᠩᠭᠠᠨ ᠪᠠᠭᠰᠢ ᠠᠵᠢᠯᠯᠠᠵᠤ ᠪᠠᠶᠢᠨ᠎ᠠ 

ᠳᠡᠯᠡᠬᠡᠢ ᠶᠢᠨ ᠪᠠᠭᠰᠢ ᠨᠠᠷ ᠤᠨ ᠬᠤᠷᠢᠨ ᠲᠠᠪᠤ᠂ ᠮᠣᠩᠭᠣᠯ ᠤᠨ ᠪᠠᠭᠰᠢ ᠨᠠᠷ ᠤᠨ 53 ᠳ᠋ᠡᠬᠢ ᠡᠳᠦᠷ ᠲᠣᠬᠢᠶᠠᠵᠤ ᠪᠠᠶᠢᠭ᠎ᠠ ᠪᠢᠯᠡ᠃ ᠮᠣᠩᠭᠣᠯ ᠤᠯᠤᠰ ᠤᠨ ᠪᠣᠯᠪᠠᠰᠤᠷᠠᠯ ᠤᠨ ᠰᠠᠯᠪᠤᠷᠢ ᠳᠤ 47.4 ᠮᠢᠩᠭᠠᠨ ᠪᠠᠭᠰᠢ ᠰᠤᠷᠭᠠᠨ ᠬᠦᠮᠦᠵᠢᠭᠦᠯᠦᠭᠴᠢ ᠠᠵᠢᠯᠯᠠᠵᠤ ᠪᠠᠶᠢᠭ᠎ᠠ ᠶᠢᠨ 40.1 ᠮᠢᠩᠭ᠎ᠠ ᠨᠢ ᠤᠯᠤᠰ ᠤᠨ ᠰᠤᠷᠭᠠᠭᠤᠯᠢ ᠳᠤ ᠪᠠᠭᠰᠢᠯᠠᠵᠤ ᠪᠠᠶᠢᠨ᠎ᠠ᠃ ᠲᠣᠳᠣᠷᠠᠭᠤᠯᠪᠠᠯ᠂ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ 7.8᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠤ 30.4᠂ ᠮᠡᠷᠭᠡᠵᠢᠯ ᠰᠤᠷᠭᠠᠯᠲᠠ ᠦᠢᠯᠡᠳᠪᠤᠷᠢᠯᠡᠯ ᠤᠨ ᠲᠦᠪ 2.5᠂ ᠶᠡᠬᠡ ᠳᠡᠭᠡᠳᠦ ᠰᠤᠷᠭᠠᠭᠤᠯᠢ ᠳᠤ 6.7 ᠮᠢᠩᠭᠠᠨ ᠪᠠᠭᠰᠢ ᠠᠵᠢᠯᠯᠠᠵᠤ ᠪᠠᠶᠢᠭ᠎ᠠ ᠶᠤᠮ᠃ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠤᠨ ᠪᠠᠭᠰᠢ ᠬᠠᠮᠤᠭ ᠤᠨ ᠶᠡᠬᠡ ᠠᠴᠢᠶᠠᠯᠠᠯ ᠲᠠᠢ ᠪᠤᠶᠤ ᠨᠢᠭᠡ ᠪᠠᠭᠰᠢ ᠳᠤ ᠨᠣᠭᠳᠠᠬᠤ ᠬᠡᠦᠬᠡᠳ ᠦᠨ ᠲᠣᠭ᠎ᠠ 31 ᠪᠠᠶᠢᠨ᠎ᠠ᠃
ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠦ 2018 ᠣᠨ ᠤ ᠪᠠᠶᠢᠳᠠᠯ ᠢᠶᠠᠷ 30.4 ᠮᠢᠩᠭᠠᠨ ᠪᠠᠭᠰᠢ ᠠᠵᠢᠯᠯᠠᠵᠤ ᠪᠠᠶᠢᠭ᠎ᠠ ᠪᠥᠭᠡᠳ ᠲᠡᠳᠡᠨ ᠦ 82 ᠬᠤᠪᠢ ᠶᠢ ᠡᠮᠡᠭᠲᠡᠶᠢᠴᠦᠳ ᠡᠵᠡᠯᠡᠳᠡᠭ᠃ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠦᠨ ᠨᠡᠶᠢᠲᠡ ᠪᠠᠭᠰᠢ ᠨᠠᠷ ᠤᠨ 14 ᠬᠤᠪᠢ ᠨᠢ ᠮᠠᠭᠢᠰᠲ᠋ᠷ᠂ ᠳ᠋ᠣᠺᠲ᠋ᠣᠷ᠂ 13.1 ᠮᠢᠩᠭ᠎ᠠ ᠨᠢ ᠮᠡᠷᠭᠡᠰᠢᠯ ᠦᠨ ᠵᠡᠷᠭᠡ ᠲᠡᠢ᠃ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠨᠢᠭᠡ ᠪᠠᠭᠰᠢ ᠳᠤ 20 ᠬᠡᠦᠬᠡᠳ ᠣᠨᠣᠭᠳᠠᠳᠠᠭ ᠪᠣᠯ ᠪᠠᠭ᠎ᠠ ᠪᠦᠯᠦᠭ ᠦᠨ ᠪᠠᠭᠰᠢ ᠳᠤ 31 ᠬᠡᠦᠬᠡᠳ ᠣᠨᠣᠭᠳᠠᠵᠤ ᠪᠠᠶᠢᠨ᠎ᠠ᠃ ᠤᠯᠤᠰ ᠤᠨ ᠨᠢᠭᠡᠳᠦᠭᠰᠡᠨ ᠲᠥᠰᠥᠪ ᠦᠨ ᠨᠡᠶᠢᠲᠡ ᠵᠠᠷᠤᠳᠠᠯ ᠳᠤ ᠪᠣᠯᠪᠠᠰᠤᠷᠠᠯ ᠤᠨ ᠰᠠᠯᠪᠤᠷᠢ 15 ᠬᠤᠪᠢ ᠡᠵᠡᠯᠡᠳᠡᠭ᠃ ᠪᠣᠯᠪᠠᠰᠤᠷᠠᠯ ᠤᠨ ᠰᠠᠯᠪᠤᠷᠢ ᠶᠢᠨ ᠳᠤᠮᠳᠠᠴᠢ ᠴᠠᠯᠢᠩ 2018 ᠣᠨ ᠳᠤ 760.2 ᠮᠢᠩᠭᠠᠨ ᠲᠥᠭᠥᠷᠢᠭ ᠪᠠᠶᠢᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ