ᠮᠣᠩᠭᠣᠯ ᠪᠠᠩᠬᠢ 17 ᠲᠤᠨ ᠠᠯᠲᠠ ᠬᠤᠳᠠᠯᠳᠤᠨ ᠠᠪᠬᠤ ᠲᠥᠯᠥᠪᠲᠡᠢ  | News.MN

ᠮᠣᠩᠭᠣᠯ ᠪᠠᠩᠬᠢ 17 ᠲᠤᠨ ᠠᠯᠲᠠ ᠬᠤᠳᠠᠯᠳᠤᠨ ᠠᠪᠬᠤ ᠲᠥᠯᠥᠪᠲᠡᠢ 

ᠮᠣᠩᠭᠣᠯ ᠪᠠᠩᠬᠢᠨ ᠤ ᠡᠨᠡ ᠣᠨ ᠳᠤ ᠬᠤᠳᠠᠯᠳᠤᠨ ᠠᠪᠤᠭᠰᠠᠨ ᠠᠯᠲᠠᠨ ᠤ ᠬᠡᠮᠵᠢᠶ᠎ᠡ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 22 ᠬᠤᠪᠢ ᠪᠠᠷ ᠪᠠᠭᠤᠷᠠᠭᠠᠳ ᠪᠠᠶᠢᠨ᠎ᠠ᠃ 2019 ᠣᠨ ᠤ 9 ᠳ᠋ᠤᠭᠡᠷ ᠰᠠᠷ᠎ᠠ ᠶᠢᠨ 30 ᠍ ᠤ ᠪᠠᠶᠢᠳᠠᠯ ᠢᠶᠠᠷ ᠲᠥᠪ ᠪᠠᠩᠬᠢ 11.2 ᠲᠣᠨ ᠠᠯᠲᠠ ᠬᠤᠳᠠᠯᠳᠤᠨ ᠠᠪᠤᠭᠠᠳ ᠪᠠᠶᠢᠨ᠎ᠠ᠃ ᠲᠡᠭᠡᠪᠡᠯ ᠡᠨᠡ ᠣᠨ ᠳᠤ ᠣᠶᠢᠷᠠᠯᠴᠠᠭ᠎ᠠ ᠪᠠᠷ 17 ᠣᠷᠴᠢᠮ ᠲᠨ ᠠᠯᠲᠠ ᠬᠤᠳᠠᠯᠳᠤᠨ ᠠᠪᠬᠤ ᠲᠥᠯᠥᠪᠲᠡᠢ ᠪᠠᠶᠢᠭ᠎ᠠ ᠲᠤᠬᠠᠢ ︽ᠪᠢᠽᠢᠨᠧᠰ ᠦᠨ ᠣᠷᠴᠢᠨ︾ ᠹᠣᠷᠣᠮ ᠤᠨ ᠦᠶ᠎ᠡ ᠪᠡᠷ ᠮᠣᠩᠭᠣᠯ ᠪᠠᠩᠭᠢᠨ ᠤ ᠡᠷᠳᠡᠨᠢᠰ ᠦᠨ ᠰᠠᠩ ᠤᠨ ᠠᠬᠠᠯᠠᠬᠤ ᠡᠳ᠋ ᠦᠨ ᠵᠠᠰᠠᠭᠴᠢ ᠶᠠᠷᠢᠯ᠎ᠠ᠃
ᠥᠩᠭᠡᠷᠡᠭᠰᠡᠨ ᠣᠨ ᠳᠤ 2.5 ᠬᠤᠪᠢ ᠪᠠᠶᠢᠭᠰᠠᠨ ᠠᠰᠢᠭᠲᠤ ᠮᠠᠯᠲᠠᠮᠠᠯ ᠤᠨ ᠨᠦᠭᠡᠴᠡ ᠠᠰᠢᠭᠯᠠᠭᠰᠠᠨ ᠤ ᠲᠠᠲᠠᠪᠤᠷᠢ ᠶᠢᠨ ᠬᠥᠩᠭᠡᠯᠡᠯᠲᠡ ᠳᠠᠭᠤᠰᠤᠭᠰᠠᠨ ᠤ ᠳᠠᠷᠠᠭ᠎ᠠ ᠣᠨ ᠤ ᠡᠬᠢᠨ ᠦ ᠭᠤᠷᠪᠠᠨ ᠰᠠᠷ᠎ᠠ ᠳᠤ ᠬᠠᠤᠯᠢ ᠶᠢᠨ ᠲᠣᠳᠣᠷᠬᠠᠢ ᠦᠭᠡᠢ ᠪᠠᠶᠢᠳᠠᠯ ᠠᠴᠠ ᠡᠭᠦᠳᠴᠦ ᠠᠯᠲᠠ  ᠲᠤᠰᠢᠶᠠᠯᠲᠠ  ᠶᠢᠨ ᠬᠡᠮᠵᠢᠶ᠎ᠡ ᠣᠭᠴᠣᠮ ᠪᠠᠭᠤᠷᠠᠭᠰᠠᠨ ᠶᠤᠮ᠃

ᠰᠡᠳᠬᠢᠭᠳᠡᠯ ᠦᠯᠡᠳᠡᠭᠡᠬᠦ