ᠰᠠᠷᠠᠯ ᠵᠢᠭᠰᠠᠭᠠᠯᠲᠠ ᠳᠤ ᠤᠷᠤᠭᠤᠯᠬᠤ ᠡᠰᠡᠬᠦ ᠶᠢ 13 ᠍ ᠳᠦ ᠬᠡᠯᠡᠯᠴᠡᠨ᠎ᠡ  | News.MN

ᠰᠠᠷᠠᠯ ᠵᠢᠭᠰᠠᠭᠠᠯᠲᠠ ᠳᠤ ᠤᠷᠤᠭᠤᠯᠬᠤ ᠡᠰᠡᠬᠦ ᠶᠢ 13 ᠍ ᠳᠦ ᠬᠡᠯᠡᠯᠴᠡᠨ᠎ᠡ 

ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ ᠶᠢᠨ ᠡᠰᠡᠷᠭᠦ ᠵᠢᠭᠰᠠᠭᠠᠯᠲᠠ ᠳᠤ ᠮᠣᠩᠭᠣᠯ ᠤᠯᠤᠰ ᠤᠷᠤᠬᠤ ᠨᠥᠬᠥᠴᠡᠯ ᠪᠦᠷᠢᠳᠦᠭᠰᠡᠨ ᠭᠡᠰᠡᠨ ᠮᠡᠳᠡᠭᠡᠯᠡᠯ ᠪᠤᠢ᠃ ᠰᠠᠷᠠᠯ ᠵᠢᠭᠰᠠᠭᠠᠯᠲᠠ ᠬᠡᠮᠡᠨ ᠨᠡᠷᠡᠯᠡᠵᠦ ᠪᠤᠢ ᠡᠨᠡᠬᠦ ᠵᠢᠭᠰᠠᠭᠠᠯᠲᠠ ᠳᠤ ᠶᠠᠭᠠᠬᠢᠭᠠᠳ ᠤᠷᠤᠬᠤ ᠪᠣᠯᠤᠭᠰᠠᠨ ᠲᠠᠯ᠎ᠠ ᠪᠠᠷ ᠰᠠᠩ ᠤᠨ ᠰᠠᠶᠢᠳ ᠴ∙ᠬᠦᠷᠡᠯᠪᠠᠭᠠᠲᠤᠷ ᠥᠩᠭᠡᠷᠡᠭᠰᠡᠨ ᠳᠣᠯᠣᠭ᠎ᠠ ᠬᠣᠨᠣᠭ ᠲᠤ 2020 ᠣᠨ ᠤ ᠲᠥᠰᠥᠪ ᠦᠨ ᠲᠥᠰᠥᠯ ᠢ ᠲᠠᠨᠢᠯᠴᠠᠭᠤᠯᠬᠤ ᠳᠤ ᠪᠠᠨ ᠬᠡᠯᠡᠭᠰᠡᠨ ᠶᠤᠮ᠃ ᠲᠡᠷᠡ ᠪᠡᠷ᠄ ᠬᠠᠮᠤᠭ ᠤᠨ ᠭᠣᠣᠯ ᠰᠠᠨᠠᠭ᠎ᠠ ᠵᠣᠪᠠᠭᠠᠵᠤ ᠪᠠᠶᠢᠭ᠎ᠠ ᠠᠰᠠᠭᠤᠳᠠᠯ ᠪᠣᠯ ᠰᠠᠷᠠᠯ ᠵᠢᠭᠰᠠᠭᠠᠯᠲᠠ᠃ ᠮᠥᠩᠭᠥ ᠤᠬᠢᠶᠠᠬᠤ᠂ ᠲᠧᠷᠷᠣᠷᠢᠰᠮ ᠤᠨ ᠡᠰᠡᠷᠭᠦ ᠠᠪᠴᠤ ᠬᠡᠷᠡᠭᠵᠢᠭᠦᠯᠵᠦ ᠪᠠᠶᠢᠭ᠎ᠠ ᠠᠷᠭ᠎ᠠ ᠬᠡᠮᠵᠢᠶᠡᠨ ᠦ ᠪᠡᠨ ᠦᠷ᠎ᠡ ᠳ᠋ᠦᠩ ᠢᠶᠡᠷ ᠮᠣᠩᠭᠣᠯ ᠤᠯᠤᠰ ᠰᠠᠷᠠᠯ ᠵᠢᠭᠰᠠᠭᠠᠯᠲᠠ ᠳᠤ ᠤᠷᠤᠬᠤ ᠡᠷᠡᠰᠳᠡᠯ ᠪᠤᠢ᠃

2015 ᠣᠨ ᠳᠤ ︽ᠡᠳ᠋ ᠍ ᠦᠨ ᠵᠠᠰᠠᠭ ᠤᠨ ᠢᠯᠡ ᠲᠣᠳᠣ ᠪᠠᠶᠢᠳᠠᠯ ᠤᠨ ᠲᠤᠬᠠᠢ︾ ᠬᠠᠤᠯᠢ ᠪᠠᠷ ᠮᠠᠰᠢ ᠶᠡᠬᠡ ᠬᠡᠮᠵᠢᠶᠡᠨ ᠦ ᠮᠥᠩᠭᠥ ᠶᠢ ᠢᠯᠡ ᠪᠣᠯᠭᠠᠭᠰᠠᠨ᠃ ᠡᠭᠦᠨ ᠢ ᠣᠯᠠᠨ ᠤᠯᠤᠰ ᠤᠨ ᠲᠥᠪᠰᠢᠨ ᠳᠦ ᠡᠷᠡᠰᠳᠡᠯ ᠭᠡᠵᠦ ᠦᠵᠡᠵᠦ ᠪᠠᠶᠢᠭ᠎ᠠ᠃ ᠮᠥᠨ ᠠᠷᠠᠯᠵᠢᠶᠠᠨ ᠤ ᠪᠠᠩᠬᠢ ᠨᠤᠭᠤᠳ ᠲᠤ ᠬᠢᠭᠰᠡᠨ ᠰᠢᠯᠭᠠᠯᠲᠠ ᠨᠤᠭᠤᠳ ᠨᠥᠯᠦᠭᠡᠯᠡᠵᠦ ᠪᠠᠶᠢᠭ᠎ᠠ ᠠᠴᠠ ᠭᠠᠳᠠᠨ᠎ᠠ ᠮᠥᠩᠭᠥ ᠤᠭᠢᠶᠠᠬᠤ ᠲᠠᠢ ᠬᠣᠯᠪᠣᠭ᠎ᠠ ᠲᠠᠢ ᠭᠡᠮᠲᠦ ᠬᠡᠷᠡᠭ ᠦᠳ ᠦᠨ ᠰᠢᠢᠳᠦᠭᠳᠡᠭᠰᠡᠨ ᠪᠠᠶᠢᠳᠠᠯ ᠡᠨᠡ ᠵᠢᠭᠰᠠᠭᠠᠯᠲᠠ ᠳᠤ ᠤᠷᠤᠭᠤᠯᠬᠤ ᠦᠨᠳᠦᠰᠦᠯᠡᠯ ᠪᠣᠯᠵᠤ ᠪᠠᠶᠢᠨ᠎ᠠ᠃ ᠡᠨᠡ ᠵᠢᠭᠰᠠᠭᠠᠯᠲᠠ ᠳᠤ ᠣᠷᠣᠪᠠᠯ ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠪᠠᠭᠤᠷᠠᠨ᠎ᠠ᠂ ᠬᠥᠷᠥᠩᠭᠡ ᠣᠷᠣᠭᠤᠯᠤᠯᠲᠠ ᠪᠠᠭᠠᠰᠤᠨ᠎ᠠ ᠂ ᠭᠠᠳᠠᠭᠠᠳᠤ ᠳᠤ ᠬᠢᠭᠳᠡᠬᠦ ᠸᠠᠯᠢᠶᠤᠲ ᠤᠨ ᠭᠦᠢᠯᠭᠡᠭᠡᠨ ᠳᠦ ᠰᠥᠷᠭᠦ ᠪᠡᠷ ᠨᠥᠯᠦᠭᠡᠯᠡᠨ᠎ᠡ᠃ ᠴᠢᠨᠠᠭᠰᠢᠯᠠᠭᠠᠳ ᠡᠳ᠋ ᠍ ᠦᠨ ᠵᠠᠰᠠᠭ ᠲᠤ ᠮᠠᠭᠤ ᠪᠠᠷ ᠨᠦᠯᠦᠭᠡᠯᠡᠬᠦ ᠡᠷᠡᠰᠳᠡᠯ ᠪᠤᠢ ᠭᠡᠰᠡᠨ ᠶᠤᠮ᠃  ᠳᠡᠭᠡᠷᠡᠬᠢ ᠰᠢᠯᠲᠠᠭᠠᠨ ᠢᠶᠠᠷ ᠮᠣᠩᠭᠣᠯ ᠤᠯᠤᠰ ᠢ ᠰᠠᠷᠠᠯ ᠵᠢᠭᠰᠠᠭᠠᠯᠲᠠ ᠳᠤ ᠤᠷᠤᠭᠤᠯᠬᠤ ᠡᠰᠡᠬᠦ ᠶᠢ ᠬᠡᠯᠡᠯᠴᠡᠬᠦ ᠬᠤᠷᠠᠯ ᠡᠨᠡ ᠰᠠᠷ᠎ᠠ ᠶᠢᠨ 13᠍ ᠳᠦ ᠠᠮᠧᠷᠢᠺᠠ ᠳᠦ ᠪᠣᠯᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ