ᠶᠠᠫᠣᠨ ᠤ ᠮᠡᠷᠭᠡᠵᠢᠯ ᠦᠨ ᠰᠦᠮᠣ᠋ ᠍ ᠶᠢᠨ 69 ᠳ᠋ᠡᠬᠢ ᠶᠡᠬᠡ ᠠᠪᠤᠷᠭᠤ ᠬᠠᠺᠠᠬᠤ᠋ ᠮ∙ᠳᠠᠸᠠᠵᠢᠷᠭᠠᠯ ᠤᠨ ᠨᠡᠷᠡᠮᠵᠢᠲᠦ ︽ᠬᠠᠺᠠᠬᠤ᠋ ᠴᠣᠮᠣ︾ ᠰᠦᠮᠣ᠋ ᠪᠥᠬᠡ ᠶᠢᠨ ᠥᠰᠪᠦᠷᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠷᠪᠠᠳᠠᠬᠢ ᠵᠢᠯ ᠳᠦ ᠪᠡᠨ ᠵᠣᠬᠢᠶᠠᠨ ᠪᠠᠶᠢᠭᠤᠯᠤᠭᠳᠠᠬᠤ ᠭᠡᠵᠦ ᠪᠠᠶᠢᠨ᠎ᠠ᠃ ᠥᠰᠪᠦᠷᠢ ᠨᠠᠰᠤᠨ ᠤ ᠬᠡᠦᠬᠡᠳ ᠦᠳ ᠦᠨ ᠪᠡᠶ᠎ᠡ ᠪᠢᠯᠳᠠᠷ ᠢ ᠬᠥᠭᠵᠢᠭᠦᠯᠬᠦ᠂ ᠦᠪᠡᠷ ᠲᠦ ᠪᠡᠨ ᠢᠲᠡᠭᠡᠬᠦ ᠢᠲᠡᠭᠡᠯ᠂ ᠬᠦᠰᠡᠯ ᠮᠥᠷᠥᠭᠡᠳᠦᠯ ᠳᠦ ᠪᠡᠨ ᠬᠦᠷᠬᠦ ᠲᠡᠮᠡᠤᠯᠤᠯ ᠢ ᠲᠥᠷᠥᠭᠦᠯᠬᠦ ᠵᠣᠷᠢᠯᠭ᠎ᠠ ᠲᠠᠢ ᠡᠨᠡᠬᠦ ᠲᠡᠮᠡᠴᠡᠭᠡᠨ ᠡᠴᠡ ᠰᠢᠯᠭᠠᠷᠠᠨ᠂ ᠶᠠᠫᠣᠨ ᠤᠯᠤᠰ ᠲᠤ ᠠᠮᠵᠢᠯᠲᠠᠲᠠᠢ ᠪᠠᠷᠢᠯᠳᠤᠵᠤ ᠪᠤᠢ ᠵᠠᠯᠠᠭᠤ ᠪᠥᠬᠡᠴᠦᠳ ᠦᠨ ᠲᠣᠭ᠎ᠠ ᠵᠢᠯ ᠢᠷᠡᠬᠦ ᠲᠤᠰᠤᠮ ᠨᠡᠮᠡᠭᠳᠡᠵᠦ ᠪᠠᠶᠢᠭ᠎ᠠ ᠨᠢ ᠤᠷᠤᠯᠳᠤᠭᠠᠨ ᠤ ᠴᠠᠷ᠎ᠠ ᠬᠦᠷᠢᠶ᠎ᠡ ᠶᠢ ᠢᠯᠡᠳᠬᠡᠨ ᠬᠠᠷᠠᠭᠤᠯᠵᠤ ᠪᠠᠶᠢᠭ᠎ᠠ ᠶᠤᠮ᠃
ᠲᠤᠰ ᠲᠡᠮᠡᠴᠡᠭᠡᠨ ᠨᠢ ᠠᠶᠢᠮᠠᠭ ᠨᠡᠶᠢᠰᠯᠡᠯ ᠦᠨ ᠳᠤᠮᠳᠠᠳᠤ ᠰᠤᠷᠭᠠᠭᠤᠯᠢ ᠶᠢᠨ 9᠂ 10᠂ 11᠂ 12 ᠪᠣᠯᠤᠨ 13-15 ᠨᠠᠰᠤᠨ ᠤ ᠬᠡᠦᠬᠡᠳ ᠦᠳ ᠦᠨ ᠳᠤᠮᠳᠠ ᠵᠣᠬᠢᠶᠠᠨ ᠪᠠᠶᠢᠭᠤᠯᠤᠭᠳᠠᠵᠤ ᠠᠯᠲᠠ᠂ ᠮᠥᠩᠭᠥ᠂ ᠬᠦᠷᠡᠯ ᠮᠧᠳᠠᠯ ᠤᠨ ᠡᠵᠡᠳ ᠢ ᠲᠤᠰ ᠪᠦᠷᠢ ᠲᠣᠳᠣᠷᠠᠭᠤᠯᠬᠤ ᠶᠤᠮ᠃ ᠡᠭᠦᠨ ᠡᠴᠡ 13-15 ᠨᠠᠰᠤᠨ ᠤ ᠠᠩᠭᠢᠯᠠᠯ ᠳᠤ 2004 ᠣᠨ ᠤ ᠬᠤᠶᠠᠳᠤᠭᠠᠷ ᠰᠠᠷ᠎ᠠ ᠠᠴᠠ ᠬᠣᠶᠢᠰᠢ ᠲᠦᠷᠦᠭᠰᠡᠨ ᠬᠡᠦᠬᠡᠳ ᠦᠳ ᠤᠷᠤᠯᠴᠠᠬᠤ ᠪᠣᠯᠤᠮᠵᠢ ᠲᠠᠢ ᠠᠵᠠᠢ᠃ ᠲᠡᠮᠡᠴᠡᠭᠡᠨ ᠠᠷᠪᠠᠳᠤᠭᠠᠷ ᠰᠠᠷ᠎ᠠ ᠶᠢᠨ 18 ᠍ ᠳᠦ ᠰᠫᠣᠷᠲ ᠤᠨ ᠲᠥᠪ ᠣᠷᠳᠣᠨ ᠍ ᠳᠦ ᠵᠣᠬᠢᠶᠠᠨ ᠪᠠᠶᠢᠭᠤᠯᠤᠭᠳᠠᠬᠤ ᠪᠥᠭᠡᠳ ᠪᠦᠷᠢᠳᠬᠡᠯ ᠡᠨᠡ ᠰᠠᠷ᠎ᠠ ᠶᠢᠨ 17 ᠍ ᠬᠦᠷᠲᠡᠯ᠎ᠡ ︽ᠶᠡᠬᠡ ᠱᠠᠪᠢ︾ ᠴᠣᠭᠴᠠᠯᠠᠪᠤᠷᠢ ᠳᠤ ᠦᠷᠭᠦᠯᠵᠢᠯᠡᠵᠦ ᠪᠠᠶᠢᠨ᠎ᠠ᠃