ᠶᠡᠷᠦᠩᠬᠡᠢ ᠰᠠᠶᠢᠳ ᠬᠠᠰᠠᠭᠰᠲ᠋ᠠᠨ ᠤᠯᠤᠰ ᠲᠤ ᠠᠶᠢᠯᠴᠢᠯᠠᠨ᠎ᠠ  | News.MN

ᠶᠡᠷᠦᠩᠬᠡᠢ ᠰᠠᠶᠢᠳ ᠬᠠᠰᠠᠭᠰᠲ᠋ᠠᠨ ᠤᠯᠤᠰ ᠲᠤ ᠠᠶᠢᠯᠴᠢᠯᠠᠨ᠎ᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠶᠡᠷᠦᠩᠬᠡᠢ ᠰᠠᠶᠢᠳ ᠠ᠊∙ᠤ᠊∙ᠮᠠᠮᠢᠨ ᠤ ᠤᠷᠢᠯᠭ᠎ᠠ ᠪᠠᠷ 2019 ᠣᠨ ᠤ 10 ᠳ᠋ᠤᠭᠠᠷ ᠰᠠᠷ᠎ᠠ ᠶᠢᠨ 10-12 ᠍ ᠳᠦ ᠲᠤᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃
ᠠᠶᠢᠯᠴᠢᠯᠠᠯ ᠤᠨ ᠬᠦᠷᠢᠶᠡᠨ ᠳᠦ  ᠬᠤᠶᠠᠷ ᠤᠯᠤᠰ ᠤᠨ ᠶᠡᠷᠦᠩᠬᠡᠢ ᠰᠠᠶᠢᠳ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠳᠠᠷᠠᠭᠠᠴᠢ ᠶᠢᠨ ᠱᠠᠲᠤᠨ ᠳᠤ ᠳᠡᠪᠰᠢᠭᠦᠯᠦᠨ ᠬᠥᠭᠵᠢᠭᠦᠯᠬᠦ᠂ ᠤᠯᠤᠰ ᠲᠥᠷᠥ᠂ ᠬᠤᠳᠠᠯᠳᠤᠭ᠎ᠠ᠂ ᠡᠳ᠋ ᠦᠨ ᠵᠠᠰᠠᠭ᠂ ᠬᠥᠷᠥᠩᠭᠡ ᠣᠷᠣᠭᠤᠯᠤᠯᠲᠠ᠂ ᠰᠤᠶᠤᠯ᠂ ᠪᠣᠯᠪᠠᠰᠤᠷᠠᠯ᠂ ᠬᠦᠮᠦᠯᠢᠭ ᠦᠨ ᠵᠡᠷᠭᠡ ᠥᠷᠭᠡᠨ ᠬᠦᠷᠢᠶ᠎ᠡ ᠲᠡᠢ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠳᠡᠯᠭᠡᠷᠡᠩᠭᠦᠢ ᠰᠠᠨᠠᠯ ᠰᠣᠯᠢᠯᠴᠠᠨ᠎ᠠ᠃ ᠲᠡᠭᠦᠨᠴᠢᠯᠡᠨ ᠶᠡᠷᠦᠩᠬᠡᠢ ᠰᠠᠶᠢᠳ ᠤ᠊∙ ᠬᠦᠷᠡᠯᠰᠦ᠋ᠬᠡ ᠬᠠᠰᠠᠭᠰᠲ᠋ᠠᠨ ᠤᠯᠤᠰ ᠤᠨ ᠲᠥᠷᠥ ᠶᠢᠨ ᠳᠡᠭᠡᠳᠦ ᠤᠳᠤᠷᠢᠳᠤᠯᠭ᠎ᠠ ᠳᠤ ᠪᠠᠷᠠᠭᠠᠯᠬᠠᠵᠤ᠂ ᠮᠣᠩᠭᠣᠯ᠂ ᠬᠠᠰᠠᠭᠰᠲ᠋ᠠᠨ ᠤ ᠪᠢᠽᠢᠨᠧᠰ ᠹᠣᠷᠣᠮ ᠳᠤ ᠣᠷᠣᠯᠴᠠᠵᠤ ᠦᠭᠡ ᠬᠡᠯᠡᠨ᠎ᠡ᠃ ᠡᠨᠡᠬᠦ ᠠᠶᠢᠯᠴᠢᠯᠠᠯ ᠨᠢ ᠮᠣᠩᠭᠣᠯ ᠤᠯᠤᠰ ᠤᠨ ᠶᠡᠷᠦᠩᠬᠡᠢ ᠰᠠᠶᠢᠳ ᠤᠨ 25 ᠵᠢᠯ ᠦᠨ ᠳᠠᠷᠠᠭ᠎ᠠ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠲᠤ ᠬᠢᠬᠦ ᠠᠶᠢᠯᠴᠢᠯᠠᠯ ᠪᠣᠯᠬᠤ ᠶᠤᠮ᠃

ᠰᠡᠳᠬᠢᠭᠳᠡᠯ ᠦᠯᠡᠳᠡᠭᠡᠬᠦ