ᠠᠽᠢᠶ᠎ᠠ ᠶᠢᠨ ᠬᠥᠭᠵᠢᠯ ᠦᠨ ᠪᠠᠩᠬᠢᠨ ᠤ ᠰᠠᠭᠤᠷᠢᠨ ᠲᠥᠯᠥᠭᠡᠯᠡᠭᠴᠢ ᠶᠢ ᠱᠠᠩᠨᠠᠵᠠᠢ  | News.MN

ᠠᠽᠢᠶ᠎ᠠ ᠶᠢᠨ ᠬᠥᠭᠵᠢᠯ ᠦᠨ ᠪᠠᠩᠬᠢᠨ ᠤ ᠰᠠᠭᠤᠷᠢᠨ ᠲᠥᠯᠥᠭᠡᠯᠡᠭᠴᠢ ᠶᠢ ᠱᠠᠩᠨᠠᠵᠠᠢ 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠠᠽᠢᠶ᠎ᠠ ᠶᠢᠨ ᠬᠥᠭᠵᠢᠯ ᠦᠨ ᠪᠠᠩᠬᠢᠨ ᠤ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠶᠤᠯᠠᠨᠳᠠ ᠹᠧᠷᠨᠠᠨᠳᠧᠽ ᠯᠣᠮᠮᠧᠨ ᠢ ᠲᠥᠷᠥ ᠶᠢᠨ ᠳᠡᠭᠡᠳᠦ ︽ᠨᠠᠶᠢᠷᠠᠮᠳᠠᠯ︾ ᠮᠧᠳᠠᠯ ᠢᠶᠠᠷ ᠱᠠᠩᠨᠠᠵᠠᠢ᠃ ᠮᠣᠩᠭᠣᠯ ᠤᠯᠤᠰ᠂ ᠠᠽᠢᠶ᠎ᠠ ᠶᠢᠨ ᠬᠥᠭᠵᠢᠯ ᠦᠨ ᠪᠠᠩᠬᠢ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠪᠣᠯᠤᠨ ᠮᠣᠩᠭᠣᠯ ᠤᠯᠤᠰ ᠤᠨ ᠨᠡᠶᠢᠭᠡᠮ᠂ ᠡᠳ᠋ ᠦᠨ ᠵᠠᠰᠠᠭ ᠤᠨ ᠲᠣᠭᠲᠠᠪᠤᠷᠢᠲᠠᠢ ᠬᠥᠭᠵᠢᠯ ᠢ ᠬᠠᠩᠭᠠᠬᠤ ᠦᠢᠯᠡᠰ ᠲᠦ ᠣᠷᠣᠭᠤᠯᠤᠭᠰᠠᠨ ᠬᠠᠲᠤᠭᠲᠠᠢ ᠶᠤᠯᠠᠨᠳᠠ ᠶᠢᠨ ᠬᠤᠪᠢ ᠨᠡᠮᠡᠷᠢ ᠶᠢ ᠦᠨᠡᠯᠡᠵᠦ ︽ᠨᠠᠶᠢᠷᠠᠮᠳᠠᠯ︾ ᠮᠧᠳᠠᠯ ᠢᠶᠠᠷ ᠱᠠᠩᠨᠠᠭᠰᠠᠨ ᠠᠵᠠᠢ᠃ ᠤᠭ ᠱᠠᠩᠨᠠᠯ ᠢ ᠥᠨᠥᠳᠥᠷ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠭᠠᠷᠳᠠᠭᠤᠯᠤᠨ ᠥᠭᠴᠡᠢ᠃

ᠰᠡᠳᠬᠢᠭᠳᠡᠯ ᠦᠯᠡᠳᠡᠭᠡᠬᠦ