ᠬᠥᠭᠵᠢᠮ ᠦᠨ ᠪᠦᠲᠦᠭᠡᠯ ᠢ ᠤᠯᠤᠰ ᠲᠤ ᠬᠤᠳᠠᠯᠳᠤᠨ ᠠᠪᠤᠨ᠎ᠠ  | News.MN

ᠬᠥᠭᠵᠢᠮ ᠦᠨ ᠪᠦᠲᠦᠭᠡᠯ ᠢ ᠤᠯᠤᠰ ᠲᠤ ᠬᠤᠳᠠᠯᠳᠤᠨ ᠠᠪᠤᠨ᠎ᠠ 

ᠡᠨᠡ ᠣᠨ ᠳᠤ ᠪᠦᠲᠦᠭᠡᠭᠰᠡᠨ ᠲᠣᠮᠣ ᠬᠡᠯᠪᠡᠷᠢ ᠶᠢᠨ ᠬᠥᠭᠵᠢᠮ ᠦᠨ ᠪᠦᠲᠦᠭᠡᠯ ᠢ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠰᠤᠶᠤᠯ ᠤᠷᠠᠯᠢᠭ ᠤᠨ ᠭᠠᠵᠠᠷ ᠲᠤ ᠡᠨᠡ ᠰᠠᠷ᠎ᠠ ᠶᠢᠨ 14  ᠢ ᠬᠦᠷᠲᠡᠯ᠎ᠡ ᠪᠦᠷᠢᠳᠬᠡᠵᠦ ᠪᠠᠶᠢᠨ᠎ᠠ᠃ ᠮᠣᠩᠭᠣᠯ ᠤᠯᠤᠰ ᠤᠨ ᠵᠠᠰᠠᠭ ᠤᠨ ᠭᠠᠵᠠᠷ ᠤᠨ 2006 ᠣᠨ ᠤ 115 ᠳ᠋ᠤᠭᠠᠷ ᠲᠣᠭᠲᠠᠭᠠᠯ ᠤᠨ ᠬᠦᠷᠢᠶᠡᠨ ᠳᠦ  ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠤ ᠶᠠᠮᠤᠨ᠂ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠰᠤᠶᠤᠯ ᠤᠷᠠᠯᠢᠭ ᠤᠨ ᠭᠠᠵᠠᠷ ᠬᠠᠮᠲᠤᠷᠠᠨ ᠲᠤᠬᠠᠢ ᠶᠢᠨ ᠵᠢᠯ ᠳᠦ ᠲᠤᠭᠤᠷᠪᠢᠭᠰᠠᠨ ᠬᠥᠭᠵᠢᠮ ᠦᠨ ᠲᠣᠮᠣ ᠬᠡᠯᠪᠡᠷᠢ ᠶᠢᠨ ᠰᠢᠯᠢᠳᠡᠭ ᠪᠦᠲᠦᠭᠡᠯ ᠢ ᠤᠯᠤᠰ ᠤᠨ ᠰᠠᠩ ᠳᠤ ᠬᠤᠳᠠᠯᠳᠤᠨ ᠠᠪᠬᠤ ᠠᠵᠢᠯ ᠵᠣᠬᠢᠶᠠᠨ ᠪᠠᠶᠢᠭᠤᠯᠳᠠᠭ᠃ ᠤᠭ ᠪᠦᠲᠦᠭᠡᠯ ᠦᠳ ᠢ ᠪᠤᠯᠪᠠᠰᠤᠷᠠᠯ᠍ ᠤᠨ ᠰᠠᠶᠢᠳ ᠤᠨ ᠲᠤᠰᠢᠶᠠᠯ ᠢᠶᠠᠷ ᠪᠠᠶᠢᠭᠤᠯᠤᠭᠰᠠᠨ ᠣᠷᠣᠨ ᠲᠣᠭᠠᠨ ᠤ ᠪᠤᠰᠤ ᠮᠡᠷᠭᠡᠵᠢᠯ ᠦᠨ ᠵᠥᠪᠯᠡᠯ ᠦᠨ ᠭᠡᠰᠢᠭᠦᠳ ᠡᠨᠡ ᠰᠠᠷ᠎ᠠ ᠶᠢᠨ 26 ᠍ ᠤ ᠡᠳᠦᠷ ᠰᠣᠨᠣᠰᠤᠨ ᠰᠢᠯᠭᠠᠷᠠᠭᠤᠯᠵᠤ᠂ ᠤᠯᠠᠮ ᠢᠶᠠᠷ ︽ᠠᠯᠲᠠᠨ ᠨᠠᠮᠤᠷ-2019︾ ᠬᠥᠭᠵᠢᠮ ᠦᠨ ᠨᠠᠭᠠᠳᠤᠮ ᠤᠨ ᠦᠶ᠎ᠡ ᠪᠡᠷ ᠰᠢᠯᠢᠳᠡᠭ ᠪᠦᠲᠦᠭᠡᠯ ᠦᠨ ᠱᠠᠩᠨᠠᠯ ᠢ ᠭᠠᠷᠳᠠᠭᠤᠯᠬᠤ ᠭᠡᠨ᠎ᠡ᠃

ᠰᠡᠳᠬᠢᠭᠳᠡᠯ ᠦᠯᠡᠳᠡᠭᠡᠬᠦ