ᠶᠡᠷᠦᠩᠬᠡᠢ ᠰᠠᠶᠢᠳ ᠬᠠᠰᠠᠭᠰᠲ᠋ᠠᠨ  ᠢ ᠵᠣᠷᠢᠯ᠎ᠠ  | News.MN

ᠶᠡᠷᠦᠩᠬᠡᠢ ᠰᠠᠶᠢᠳ ᠬᠠᠰᠠᠭᠰᠲ᠋ᠠᠨ  ᠢ ᠵᠣᠷᠢᠯ᠎ᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠶᠡᠷᠦᠩᠬᠡᠢ ᠰᠠᠶᠢᠳ ᠠ᠊∙ᠤ᠊∙ᠮᠠᠮᠢᠨ ᠤ ᠤᠷᠢᠯᠭ᠎ᠠ ᠪᠠᠷ ᠡᠨᠡ ᠰᠠᠷ᠎ᠠ ᠶᠢᠨ 10-12᠍ ᠳᠦ ᠠᠯᠪᠠᠨ ᠶᠣᠰᠣᠨ ᠤ ᠠᠶᠢᠯᠴᠢᠯᠠᠯ ᠬᠢᠬᠦ ᠪᠡᠷ 10.10 ᠳᠦ ᠲᠤᠰ ᠤᠯᠤᠰ ᠢ ᠵᠣᠷᠢᠯ᠎ᠠ᠃
ᠡᠨᠡᠬᠦ ᠠᠶᠢᠯᠴᠢᠯᠠᠯ ᠨᠢ ᠮᠣᠩᠭᠣᠯ ᠤᠯᠤᠰ ᠤᠨ ᠶᠡᠷᠦᠩᠬᠡᠢ ᠰᠠᠶᠢᠳ ᠤᠨ 25 ᠵᠢᠯ ᠦᠨ ᠳᠠᠷᠠᠭ᠎ᠠ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠲᠤ ᠬᠢᠬᠦ ᠠᠶᠢᠯᠴᠢᠯᠠᠯ ᠪᠣᠯᠬᠤ ᠶᠤᠮ᠃ ᠲᠣᠳᠣᠷᠠᠭᠤᠯᠪᠠᠯ᠂ 1994 ᠣᠨ ᠳᠤ ᠶᠡᠷᠦᠩᠬᠡᠢ ᠰᠠᠶᠢᠳ ᠠᠰᠠᠨ ᠫ∙ᠵᠠᠰᠠᠷᠠᠢ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠲᠤ ᠠᠶᠢᠯᠴᠢᠯᠠᠵᠤ᠂ ᠲᠡᠭᠦᠨ ᠡᠴᠡ ᠬᠣᠶᠢᠰᠢ 25 ᠵᠢᠯ ᠲᠠᠰᠤᠷᠠᠭᠠᠳ ᠪᠠᠶᠢᠭᠰᠠᠨ ᠪᠥᠭᠡᠳ ᠶᠡᠷᠦᠩᠬᠡᠢ ᠰᠠᠶᠢᠳ ᠤᠨ ᠠᠯᠪᠠᠨ ᠶᠣᠰᠣᠨ ᠤ ᠠᠶᠢᠯᠴᠢᠯᠠᠯ ᠰᠡᠷᠭᠦᠵᠦ ᠪᠠᠶᠢᠭ᠎ᠠ ᠪᠠᠷ ᠢᠶᠠᠨ ᠣᠨᠴᠠᠯᠢᠭ ᠶᠤᠮ᠃ ᠠᠶᠢᠯᠴᠢᠯᠠᠯ ᠤᠨ ᠬᠦᠷᠢᠶᠡᠨ ᠳᠦ ᠶᠡᠷᠦᠩᠬᠡᠢ ᠰᠠᠶᠢᠳ ᠤ᠊ ∙ᠬᠦᠷᠡᠯᠰᠦ᠋ᠬᠡ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠶᠡᠷᠦᠩᠬᠡᠢ ᠰᠠᠶᠢᠳ ᠠ᠊∙ᠤ᠊∙ᠮᠠᠮᠢᠨ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠳᠠᠷᠠᠭᠠᠴᠢ ᠶᠢᠨ ᠱᠠᠲᠤᠨ ᠳᠤ ᠳᠡᠪᠰᠢᠭᠦᠯᠦᠨ ᠬᠥᠭᠵᠢᠭᠦᠯᠬᠦ᠂ ᠤᠯᠤᠰ ᠲᠥᠷᠥ᠂ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ᠂ ᠰᠤᠶᠤᠯ᠂ ᠪᠣᠯᠪᠠᠰᠤᠷᠠᠯ᠂ ᠬᠦᠮᠦᠨᠯᠢᠭ ᠦᠨ ᠵᠡᠷᠭᠡ ᠥᠷᠭᠡᠨ  ᠬᠦᠷᠢᠶ᠎ᠡ ᠲᠡᠢ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠳᠡᠯᠭᠡᠷᠡᠩᠭᠦᠢ ᠰᠠᠨᠠᠯ ᠰᠤᠯᠢᠯᠴᠠᠬᠤ ᠠᠵᠠᠢ᠃

ᠰᠡᠳᠬᠢᠭᠳᠡᠯ ᠦᠯᠡᠳᠡᠭᠡᠬᠦ