ᠵ∙ᠡᠷᠳᠡᠨᠢᠪᠠᠲᠤ ᠶᠢ ᠶᠠᠯᠠᠯᠠᠭᠳᠠᠭᠴᠢ ᠪᠠᠷ ᠲᠠᠲᠠᠬᠤ ᠤᠤ︖ | News.MN

ᠵ∙ᠡᠷᠳᠡᠨᠢᠪᠠᠲᠤ ᠶᠢ ᠶᠠᠯᠠᠯᠠᠭᠳᠠᠭᠴᠢ ᠪᠠᠷ ᠲᠠᠲᠠᠬᠤ ᠤᠤ︖

ᠤᠯᠤᠰ ᠤᠨ ᠶᠡᠬᠡ ᠬᠤᠷᠠᠯ ᠤᠨ ᠭᠡᠰᠢᠭᠦᠨ ᠵ∙ᠡᠷᠳᠡᠨᠢᠪᠠᠲᠤ ᠶᠢ ᠨᠡᠶᠢᠰᠯᠡᠯ ᠦᠨ ᠫᠷᠣᠺᠦ᠋ᠷᠣᠷ ᠤᠨ ᠭᠠᠵᠠᠷ ᠠᠴᠠ ᠶᠠᠯᠠᠯᠠᠭᠳᠠᠭᠴᠢ ᠪᠠᠷ ᠲᠠᠲᠠᠬᠤ ᠲᠣᠭᠲᠠᠭᠠᠯ ᠢ ᠪᠠᠲᠤᠯᠠᠭᠰᠠᠨ ᠲᠠᠯ᠎ᠠ ᠪᠠᠷ ᠵᠠᠷᠢᠮ ᠬᠡᠪᠯᠡᠯ ᠦᠳ ᠲᠦ ᠮᠡᠳᠡᠭᠡᠯᠡᠵᠡᠢ᠃ ᠮᠣᠩᠭᠣᠯ ᠤᠯᠤᠰ ᠤᠨ 29 ᠳ᠋ᠡᠬᠢ ᠶᠡᠷᠦᠩᠬᠡᠢ ᠰᠠᠶᠢᠳ ᠵ∙ᠡᠷᠳᠡᠨᠢᠪᠠᠲᠤ 1462.82 ᠭᠠ ᠲᠠᠯᠠᠪᠠᠢ ᠪᠦᠬᠦᠢ ᠠᠰᠢᠭᠲᠤ ᠮᠠᠯᠲᠠᠮᠠᠯ ᠤᠨ ᠲᠤᠰᠬᠠᠢ ᠵᠥᠪᠰᠢᠶᠡᠷᠡᠯ ᠢ ᠲᠠᠪᠤᠨ ᠰᠠᠶ᠎ᠠ ᠲᠥᠭᠥᠷᠢᠭ ᠢᠶᠡᠷ ᠬᠤᠳᠠᠯᠳᠤᠨ ᠠᠪᠴᠤ᠂ ᠤᠯᠠᠮ ᠢᠶᠠᠷ ︽ᠠᠯᠲᠠᠢ ᠺᠤᠨᠰᠲᠷᠠᠺᠱᠢᠨ︾ ᠍ ᠤ ᠬ∙ᠪᠠᠲᠤᠡᠷᠳᠡᠨᠢ ᠳᠦ ᠨᠢᠭᠡ ᠰᠠᠶ᠎ᠠ ᠲᠥᠭᠥᠷᠢᠭ ᠢᠶᠡᠷ ᠵᠠᠷᠤᠭᠰᠠᠨ ᠭᠡᠬᠦ ᠮᠡᠳᠡᠭᠡᠯᠡᠯ ᠢ ᠢᠷᠭᠡᠳ ᠠᠪᠯᠢᠭ᠎ᠠ ᠲᠠᠢ ᠲᠡᠮᠡᠴᠡᠬᠦ ᠭᠠᠵᠠᠷ ᠲᠤ  ᠥᠭᠭᠦᠭᠰᠡᠨ᠃ ᠡᠭᠦᠨ ᠦ ᠳᠠᠭᠠᠤ ᠠᠪᠯᠢᠭ᠎ᠠ ᠲᠠᠢ ᠲᠡᠮᠡᠴᠡᠬᠦ ᠭᠠᠵᠠᠷ ᠠᠴᠠ ᠵ∙ᠡᠷᠳᠡᠨᠢᠪᠠᠲᠤ ᠶᠢ ᠶᠠᠯᠠᠯᠠᠭᠳᠠᠭᠴᠢ ᠪᠠᠷ ᠲᠠᠲᠠᠬᠤ ᠰᠠᠨᠠᠯ ᠢ ᠨᠡᠶᠢᠰᠯᠡᠯ ᠦᠨ ᠫᠷᠣᠺᠦ᠋ᠷᠣᠷ ᠤᠨ ᠭᠠᠵᠠᠷ ᠲᠤ ᠬᠦᠷᠭᠡᠭᠦᠯᠦᠭᠰᠡᠨ ᠪᠠᠶᠢᠨ᠎ᠠ᠃ ᠲᠤᠰᠬᠠᠢ ᠵᠥᠪᠰᠢᠶᠡᠷᠡᠯ ᠢ ᠨᠢ ᠴᠤᠴᠠᠯᠠᠭᠰᠠᠨ ᠲᠠᠯᠠᠪᠠᠢ ᠨᠤᠭᠤᠳ ᠲᠤ ᠭᠠᠷᠭᠠᠭᠰᠠᠨ ᠵᠠᠷᠤᠳᠠᠯ ᠢ ᠪᠣᠳᠠᠲᠤ ᠪᠠᠷ ᠪᠤᠰᠤ ᠬᠡᠲᠦ ᠳᠤᠭᠤᠤᠷ ᠦᠨᠡᠯᠡᠭᠰᠡᠨ ᠪᠠᠶᠢᠵᠤ ᠪᠣᠯᠵᠣᠰᠢ ᠦᠭᠡᠢ ᠭᠡᠬᠦ ᠦᠨᠳᠦᠰᠦᠯᠡᠯ ᠢᠶᠡᠷ ᠬᠡᠷᠡᠭ ᠪᠦᠷᠢᠳᠬᠡᠯ ᠦᠨ ᠬᠡᠷᠡᠭ ᠨᠡᠭᠡᠭᠡᠨ ᠰᠢᠯᠭᠠᠵᠤ ᠪᠠᠶᠢᠭᠰᠠᠨ ᠪᠠᠶᠢᠨ᠎ᠠ᠃
ᠬᠣᠲᠠ ᠶᠢᠨ ᠵᠠᠬ᠎ᠠ ᠶᠢᠨ 22᠍ ᠤᠨ ᠲᠣᠪᠴᠢᠶᠠᠨ ᠳᠤ 1 ᠭᠠ ᠭᠠᠵᠠᠷ 100 ᠰᠠᠶ᠎ᠠ ᠣᠷᠴᠢᠮ ᠲᠥᠭᠥᠷᠢᠭ ᠢᠶᠡᠷ ᠵᠠᠷᠤᠭᠳᠠᠳᠠᠭ᠃ ᠭᠡᠲᠡᠯ᠎ᠡ ᠡᠭᠦᠨ ᠡᠴᠡ 1463 ᠳᠠᠬᠢᠨ ᠶᠡᠬᠡ ᠲᠠᠯᠠᠪᠠᠢ ᠲᠠᠢ ᠲᠤᠰᠬᠠᠢ ᠵᠥᠪᠰᠢᠶᠡᠷᠡᠯ ᠢ ᠶᠡᠷᠦᠳᠡᠭᠡᠨ ᠨᠢᠭᠡ ᠰᠠᠶ᠎ᠠ ᠲᠥᠭᠥᠷᠢᠭ ᠢᠶᠡᠷ ᠬᠤᠳᠠᠯᠳᠤᠬᠤ ᠬᠡᠯᠡᠴᠡᠯ ᠨᠢ ᠮᠥᠩᠭᠥ ᠤᠭᠢᠶᠠᠭᠰᠠᠨ᠂ ᠬᠠᠤᠯᠢ ᠪᠤᠰᠤ ᠪᠠᠷ ᠯᠢᠼᠧᠨᠽ ᠳᠠᠮᠯᠠᠨ ᠵᠠᠷᠤᠭᠰᠠᠨ᠂ ᠵᠣᠷᠢᠭᠤᠳᠠ ᠪᠠᠷ ᠵᠣᠬᠢᠶᠠᠨ ᠪᠠᠶᠢᠭᠤᠯᠤᠭᠰᠠᠨ ᠪᠠᠶᠢᠵᠤ ᠪᠣᠯᠵᠣᠰᠢ ᠦᠭᠡᠢ ᠭᠡᠬᠦ ᠮᠡᠳᠡᠭᠡᠯᠡᠯ ᠴᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ