ᠬᠦᠭᠡᠮᠢ ᠶᠢ ᠳᠡᠯᠡᠬᠡᠢ ᠶᠢᠨ ᠳᠡᠭᠡᠳᠦ ᠠᠮᠵᠢᠯᠲᠠ ᠳᠤ ᠪᠥᠷᠢᠳᠬᠡᠭᠦᠯᠬᠦ ︽ᠲᠡᠦᠬᠡᠨ ᠪᠠᠬᠠᠷᠬᠠᠯᠲᠤ ᠡᠳᠦᠷ︾ ᠦᠢᠯᠡ ᠠᠵᠢᠯᠯᠠᠭ᠎ᠠ ᠡᠨᠡ ᠰᠠᠷ᠎ᠠ ᠶᠢᠨ 30 ᠍ ᠳᠦ ᠬᠣᠪᠳᠣ ᠠᠶᠢᠮᠠᠭ ᠲᠤ ᠪᠣᠯᠬᠤ ᠶᠤᠮ ᠪᠠᠶᠢᠨ᠎ᠠ᠃ ᠡᠨᠡ ᠦᠶ᠎ᠡ ᠪᠡᠷ ᠲᠤᠰ ᠠᠶᠢᠮᠠᠭ ᠲᠤ ᠬᠠᠮᠤᠭ ᠤᠨ ᠣᠯᠠᠨ ᠬᠦᠭᠡᠮᠢᠴᠢ ᠨᠢᠭᠡ ᠵᠡᠷᠭᠡ ᠬᠦᠭᠡᠮᠢᠯᠡᠵᠦ᠂ ᠤᠯᠠᠮ ᠢᠶᠠᠷ ᠭᠢᠨᠢᠰ ᠦᠨ ᠨᠤᠮ ᠳᠦ ᠪᠥᠷᠢᠳᠬᠡᠭᠦᠯᠬᠦ ᠪᠡᠷ ᠵᠣᠷᠢᠵᠤ ᠪᠤᠢ᠃
ᠬᠣᠪᠳᠣ ᠠᠶᠢᠮᠠᠭ ᠤᠨ ᠴᠢᠨᠳᠠᠮᠤᠨᠢ ᠰᠤᠮᠤ ᠮᠣᠩᠭᠣᠯ ᠣᠷᠣᠨ ᠤ ᠬᠠᠮᠤᠭ ᠤᠨ ᠣᠯᠠᠨ ᠬᠦᠭᠡᠮᠢᠴᠢ ᠲᠡᠢ ᠨᠤᠲᠤᠭ᠃ ᠡᠨᠡ ᠤᠳᠬ᠎ᠠ ᠪᠠᠷ ᠢᠶᠠᠨ ᠡᠨᠡᠬᠦ ᠤᠭ ᠦᠢᠯᠡ ᠠᠵᠢᠯᠯᠠᠭ᠎ᠠ ᠶᠢ ᠭᠠᠷᠳᠠᠨ ᠵᠣᠬᠢᠶᠠᠨ ᠪᠠᠶᠢᠭᠤᠯᠵᠤ ᠪᠠᠶᠢᠭ᠎ᠠ ᠶᠤᠮ ᠪᠠᠶᠢᠨ᠎ᠠ᠃