ᠠᠯᠲᠠ ᠴᠡᠪᠡᠷᠰᠢᠭᠦᠯᠬᠦ ᠦᠢᠯᠡᠳᠪᠦᠷᠢ ᠪᠠᠶᠢᠭᠤᠯᠤᠨ᠎ᠠ  | News.MN

ᠠᠯᠲᠠ ᠴᠡᠪᠡᠷᠰᠢᠭᠦᠯᠬᠦ ᠦᠢᠯᠡᠳᠪᠦᠷᠢ ᠪᠠᠶᠢᠭᠤᠯᠤᠨ᠎ᠠ 

ᠮᠣᠩᠭᠣᠯ᠂ ᠬᠠᠰᠠᠭᠰᠲ᠋ᠠᠨ ᠤ ᠪᠢᠽᠢᠨᠧᠰ ᠹᠣᠷᠣᠮ ᠪᠦᠭᠦᠳᠡ ᠨᠠᠶᠢᠷᠠᠮᠳᠠᠬᠤ ᠬᠠᠰᠠᠺᠰᠲ᠋ᠠᠨ ᠤᠯᠤᠰ  ᠤᠨ ᠨᠡᠶᠢᠰᠯᠡᠯ ᠨᠤᠷ-ᠰᠤᠯᠲᠠᠨ ᠬᠤᠲᠠ ᠳᠤ ᠪᠣᠯᠵᠤ ᠪᠠᠶᠢᠨ᠎ᠠ᠃ ᠡᠨᠡᠬᠦ ᠹᠣᠷᠣᠮ ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ ᠬᠦᠷᠡᠯᠰᠦ᠋ᠬᠡ᠂ ᠬᠠᠰᠠᠺᠰᠲ᠋ᠠᠨ ‍ᠣ ᠶᠡᠷᠦᠩᠬᠡᠢ ᠰᠠᠶᠢᠳ ᠠ᠊∙ᠤ᠊∙ᠮᠠᠮᠢᠨ ᠨᠠᠷ ᠣᠷᠣᠯᠴᠠᠵᠤ ᠦᠭᠡ ᠬᠡᠯᠡᠭᠰᠡᠨ ᠪᠢᠯᠡ᠃
ᠮᠥᠨ ᠦᠶ᠎ᠡ ᠪᠡᠷ ᠬᠣᠶᠠᠷ ᠣᠷᠣᠨ ᠤ ᠪᠢᠽᠢᠨᠧᠰ ᠡᠷᠬᠢᠯᠡᠭᠴᠢᠳ ︽ᠠᠯᠲᠠ ᠮᠥᠩᠭᠥ ᠴᠡᠪᠡᠷᠰᠢᠭᠦᠯᠬᠦ ᠦᠢᠯᠡᠳᠪᠦᠷᠢ ᠪᠠᠷᠢᠬᠤ︾᠂ ︽ᠨᠡᠭᠦᠷᠡᠰᠦᠨ ᠦ ᠤᠷᠳᠤ ᠠᠴᠠ ᠹᠧᠷᠷᠣᠰᠤᠯᠢᠼᠢᠶᠣᠨ ᠦᠢᠯᠡᠳᠪᠦᠷᠢᠯᠡᠬᠦ ᠦᠢᠯᠡᠳᠪᠦᠷᠢ ᠪᠠᠷᠢᠬᠤ︾᠂ ︽ᠠᠭᠠᠷ ᠤᠨ ᠲᠧᠭᠨᠢᠭ ᠦᠨ ᠠᠴᠢᠶ᠎ᠠ ᠲᠡᠭᠡᠭᠡᠪᠦᠷᠢ ᠶᠢᠨ ᠨᠢᠰᠦᠯᠭᠡ ᠶᠢᠨ ᠢᠨᠵᠧᠨᠧᠷ᠂ ᠲᠧᠭᠨᠢᠭ ᠦᠨ ᠦᠢᠯᠡᠴᠢᠯᠡᠭᠡᠨ ᠦ ᠮᠡᠷᠭᠡᠵᠢᠯᠲᠡᠨ ᠪᠡᠯᠡᠳᠬᠡᠬᠦ︾᠂ ︽ᠬᠣᠷᠢᠭ᠎ᠠ ᠴᠡᠭᠡᠷ ᠦᠨ ᠪᠡᠯᠡᠳᠦᠮᠡᠯ ᠦᠢᠯᠡᠳᠪᠦᠷᠢᠯᠡᠬᠦ᠂  ᠮᠡᠷᠭᠡᠵᠢᠯᠲᠡᠳ ᠢ ᠰᠤᠷᠭᠠᠬᠤ ᠰᠤᠷᠭᠠᠯᠲᠠ ᠶᠢᠨ ᠲᠥᠪ ᠪᠠᠶᠢᠭᠤᠯᠬᠤ︾ ᠵᠡᠷᠭᠡ ᠨᠠᠢᠮᠠᠨ ᠭᠡᠷ᠎ᠡ ᠶᠢ ᠪᠠᠶᠢᠭᠤᠯᠪᠠ᠃  ᠮᠦᠨ ᠬᠠᠰᠠᠭᠰᠲ᠋ᠠᠨ ᠤ ᠲᠠᠯ᠎ᠠ 30 ᠰᠠᠶ᠎ᠠ ᠳ᠋ᠣᠯᠯᠠᠷ ᠤᠨ ᠦᠨ᠎ᠡ ᠪᠦᠬᠦᠢ ᠠᠯᠲᠠ ᠴᠡᠪᠡᠷᠰᠢᠭᠦᠯᠬᠦ ᠲᠧᠭᠨᠣᠯᠣᠭᠢ ᠶᠢᠨ ᠡᠷᠬᠡ ᠪᠡᠨ ᠮᠣᠩᠭᠣᠯ ᠤᠨ ᠲᠠᠯ᠎ᠠ ᠳᠤ ᠦᠨ᠎ᠡ ᠲᠥᠯᠦᠪᠦᠷᠢ ᠦᠭᠡᠢ ᠦᠭᠭᠦᠯ᠎ᠡ ᠃

ᠰᠡᠳᠬᠢᠭᠳᠡᠯ ᠦᠯᠡᠳᠡᠭᠡᠬᠦ