ᠬᠦᠮᠦᠨ ᠠᠮᠠ ᠶᠢᠨ 25 ᠬᠤᠪᠢ ᠨᠢ ᠶᠠᠳᠠᠭᠤᠷᠠᠬᠤ ᠡᠷᠡᠰᠳᠡᠯ ᠲᠡᠢ | News.MN

ᠬᠦᠮᠦᠨ ᠠᠮᠠ ᠶᠢᠨ 25 ᠬᠤᠪᠢ ᠨᠢ ᠶᠠᠳᠠᠭᠤᠷᠠᠬᠤ ᠡᠷᠡᠰᠳᠡᠯ ᠲᠡᠢ

ᠳᠡᠯᠡᠬᠡᠢ ᠶᠢᠨ ᠪᠠᠩᠬᠢᠨ ᠠᠴᠠ ᠮᠣᠩᠭᠣᠯ ᠪᠣᠯᠤᠨ ᠪᠥᠰᠡ ᠨᠤᠲᠤᠭ ᠤᠨ ᠡᠳ᠋  ᠦᠨ ᠵᠠᠰᠠᠭ ᠤᠨ ᠲᠠᠶᠢᠯᠤᠨ ᠢ 10.10 ᠳᠤ ᠲᠠᠨᠢᠯᠴᠠᠭᠤᠯᠤᠯ᠎ᠠ᠃ ᠲᠠᠶᠢᠯᠤᠨ ᠳᠤ ᠳᠤᠷᠠᠳᠤᠭᠰᠠᠨ ᠢᠶᠠᠷ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠡᠳ᠋ ᠦᠨ ᠵᠠᠰᠠᠭ ᠤᠨ ᠥᠰᠦᠯᠲᠡ ᠪᠠᠭᠤᠷᠠᠬᠤ ᠬᠠᠨᠳᠤᠯᠭ᠎ᠠ ᠲᠠᠢ ᠪᠠᠶᠢᠨ᠎ᠠ᠃ ᠡᠨᠡ ᠨᠢ ᠪᠥᠰᠡ ᠨᠤᠲᠤᠭ ᠤᠨ ᠶᠡᠬᠡᠩᠬᠢ ᠣᠷᠣᠨ ᠨᠤᠭᠤᠳ ᠲᠤ ᠡᠺᠰᠫᠣᠷᠲ ᠪᠣᠯᠤᠨ ᠠᠵᠤ ᠦᠢᠯᠡᠳᠪᠦᠷᠢ ᠶᠢᠨ ᠰᠠᠯᠪᠤᠷᠢ ᠶᠢᠨ ᠢᠳᠡᠪᠬᠢᠵᠢᠯ ᠰᠠᠭᠠᠷᠠᠵᠤ ᠪᠠᠶᠢᠭ᠎ᠠ ᠲᠠᠢ ᠬᠤᠯᠪᠤᠭ᠎ᠠ ᠲᠠᠢ ᠠᠵᠠᠢ ᠃
ᠳᠡᠯᠡᠬᠡᠢ ᠶᠢᠨ ᠡᠳ᠋ ᠦᠨ ᠵᠠᠰᠠᠭ ᠤᠨ ᠢᠳᠡᠪᠬᠢ ᠰᠠᠭᠠᠷᠠᠬᠤ ᠳᠤ ᠬᠢᠲᠠᠳ ᠠᠮᠧᠷᠢᠺᠠ ᠶᠢᠨ ᠬᠤᠳᠠᠯᠳᠤᠭᠠᠨ ᠤ  ᠰᠦᠷᠭᠦᠯᠳᠦᠭᠡᠨ ᠨᠢ ᠡᠺᠰᠫᠣᠷᠲ᠂ ᠬᠥᠷᠥᠩᠭᠡ ᠣᠷᠣᠭᠤᠯᠤᠯᠲᠠ ᠳᠤ ᠰᠦᠷᠭᠦ ᠪᠡᠷ ᠨᠥᠯᠦᠭᠡᠯᠡᠭᠰᠡᠨ ᠭᠡᠵᠦ ᠦᠵᠡᠵᠦ ᠪᠠᠶᠢᠨ᠎ᠠ᠃ ᠬᠠᠷᠢᠨ ᠮᠣᠩᠭᠣᠯ ᠤᠯᠤᠰ ᠤᠨ ᠬᠤᠪᠢ ᠳᠤ ᠡᠳ᠋ ᠦᠨ ᠵᠠᠰᠠᠭ ᠤᠨ ᠥᠰᠦᠯᠲᠡ 2018 ᠣᠨ ᠳᠤ 6.8 ᠬᠤᠪᠢ ᠥᠰᠦᠭᠰᠡᠨ ᠪᠣᠯ ᠡᠨᠡ ᠣᠨ ᠤ ᠡᠬᠢᠨ ᠦ ᠬᠠᠭᠠᠰ ᠲᠤ 7.3 ᠬᠤᠪᠢ ᠲᠠᠢ ᠪᠠᠶᠢᠨ᠎ᠠ᠃ ᠡᠳ᠋  ᠦᠨ ᠵᠠᠰᠠᠭ ᠤᠨ ᠥᠰᠦᠯᠲᠡ ᠲᠣᠭᠲᠠᠪᠤᠷᠢᠲᠠᠢ ᠪᠠᠶᠢᠬᠤ ᠳᠤ ᠨᠡᠭᠦᠷᠡᠰᠦᠨ ᠦ ᠰᠠᠯᠪᠤᠷᠢ ᠶᠢᠨ ᠭᠦᠢᠴᠡᠳᠬᠡᠯ᠂ ᠬᠥᠳᠡᠭᠡ ᠠᠵᠤ ᠠᠬᠤᠢ ᠶᠢᠨ ᠰᠠᠯᠪᠤᠷᠢ ᠶᠢᠨ ᠭᠦᠢᠴᠡᠳᠬᠡᠯ ᠲᠡᠷᠡ ᠳᠤᠮᠳᠠ ᠪᠠᠨ ᠮᠢᠬᠠᠨ ᠤ ᠡᠺᠰᠫᠣᠷᠲ ᠰᠠᠶᠢᠨ ᠪᠠᠶᠢᠭ᠎ᠠ ᠵᠡᠷᠭᠡ ᠨᠢ ᠨᠥᠯᠦᠭᠡᠯᠡᠵᠡᠢ᠃ ᠴᠢᠨᠠᠭᠰᠢᠳᠠ ᠮᠣᠩᠭᠣᠯ ᠤᠯᠤᠰ ᠤᠨ ᠡᠳ᠋ ᠦᠨ ᠵᠠᠰᠠᠭ ᠶᠠᠮᠠᠷ ᠲᠥᠯᠥᠪ ᠲᠡᠢ ᠪᠠᠶᠢᠬᠤ ᠪᠣᠯᠤᠨ ᠶᠠᠭᠤᠨ ᠳᠤ ᠠᠩᠬᠠᠷᠪᠠᠯ ᠵᠣᠬᠢᠬᠤ ᠲᠠᠯ᠎ᠠ ᠪᠠᠷ ᠳᠡᠯᠡᠬᠡᠢ ᠶᠢᠨ ᠪᠠᠩᠬᠢᠨ ᠤ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠶᠢᠨ ᠭᠠᠵᠠᠷ ᠤᠨ ᠠᠬᠠᠯᠠᠬᠤ ᠡᠳ᠋ ᠦᠨ ᠵᠠᠰᠠᠭᠴᠢ  ᠵᠢᠨ ᠫᠠᠰᠺᠠᠯ ᠄ᠢᠷᠡᠬᠦ ᠬᠣᠶᠠᠷ ᠵᠢᠯ ᠳᠦ ᠡᠳ᠋ ᠍ ᠦᠨ ᠵᠠᠰᠠᠭ ᠤᠨ ᠥᠰᠦᠯᠲᠡ ᠳᠤᠮᠳᠠᠴᠢ ᠪᠠᠷ ᠵᠢᠷᠭᠤᠭᠠᠨ ᠬᠤᠪᠢ ᠲᠠᠢ ᠪᠠᠶᠢᠬᠤ ᠲᠥᠯᠥᠪᠲᠡᠢ ᠪᠠᠶᠢᠨ᠎ᠠ᠃ ᠵᠠᠰᠠᠭ ᠤᠨ ᠭᠠᠵᠠᠷ 2016 ᠣᠨ ᠠᠴᠠ ᠡᠬᠢᠯᠡᠨ ᠦᠷᠢ  ᠶᠢᠨ ᠲᠦᠪᠰᠢᠨ ᠢ ᠪᠠᠭᠤᠷᠠᠭᠤᠯᠬᠤ ᠠᠵᠢᠯ ᠬᠢᠭᠰᠡᠨ ᠦ ᠬᠦᠴᠦᠨ ᠳᠦ  ᠦᠷᠢ ᠶᠢᠨ ᠲᠦᠪᠰᠢᠨ ᠪᠠᠭᠤᠷᠠᠵᠤ ᠪᠠᠶᠢᠭ᠎ᠠ ᠭᠡᠵᠦ ᠦᠵᠡᠵᠦ ᠪᠠᠶᠢᠨ᠎ᠠ᠃ ᠣᠳᠣ ᠨᠡᠶᠢᠭᠡᠮ ᠤᠨ ᠬᠠᠯᠠᠮᠵᠢ ᠳᠡᠭᠡᠷ᠎ᠡ ᠲᠦᠯᠬᠢᠭᠦᠦ ᠠᠩᠬᠠᠷᠬᠤ ᠱᠠᠭᠠᠷᠳᠠᠯᠭ᠎ᠠ ᠲᠠᠢ ᠪᠠᠶᠢᠨ᠎ᠠ᠃ ᠤᠴᠢᠷ ᠨᠢ᠂ ᠶᠠᠳᠠᠭᠤᠷᠠᠯ ᠤᠨ ᠲᠦᠪᠰᠢᠨ 2016 ᠣᠨ ᠠᠴᠠ 1.2 ᠨᠢᠭᠡᠴᠡ ᠪᠡᠷ ᠯᠠ ᠪᠠᠭᠤᠷᠠᠭᠰᠠᠨ ᠪᠠᠶᠢᠭ᠎ᠠ ᠨᠢ ᠠᠩᠬᠠᠷᠪᠠᠯ ᠵᠣᠬᠢᠬᠤ ᠠᠰᠠᠭᠤᠳᠠᠯ ᠪᠣᠯᠤᠭᠠᠳ ᠪᠠᠶᠢᠨ᠎ᠠ᠃ ᠢᠩᠭᠢᠭᠰᠡᠨ ᠢᠶᠡᠷ ᠨᠡᠶᠢᠲᠡ ᠬᠦᠮᠦᠨ ᠠᠮᠠ ᠶᠢᠨ 25 ᠬᠤᠪᠢ ᠨᠢ ᠶᠠᠳᠠᠭᠤᠷᠠᠯ ᠤᠨ ᠱᠤᠭᠤᠮ ᠲᠠᠢ ᠣᠶᠢᠷ᠎ᠠ ᠪᠤᠶᠤ ᠶᠠᠳᠠᠭᠤᠷᠠᠯ ᠳᠤ ᠦᠷᠲᠦᠬᠦ ᠮᠠᠭᠠᠳᠯᠠᠯ ᠮᠠᠰᠢ ᠥᠨᠳᠥᠷ ᠪᠠᠶᠢᠨ᠎ᠠ᠃ ᠲᠡᠶᠢᠮᠦ ᠡᠴᠡ ᠶᠠᠳᠠᠭᠤᠷᠠᠯ ᠤᠨ ᠲᠥᠪᠰᠢᠨ ᠲᠡᠢ ᠤᠶᠠᠯᠳᠤᠭᠰᠠᠨ ᠨᠡᠶᠢᠭᠡᠮ ᠤᠨ ᠬᠠᠯᠠᠮᠵᠢ ᠶᠢᠨ ᠪᠣᠳᠣᠯᠭ᠎ᠠ ᠬᠡᠷᠡᠭᠵᠢᠭᠦᠯᠬᠦ ᠱᠠᠭᠠᠷᠳᠠᠯᠭ᠎ᠠ ᠲᠠᠢ᠃ ᠨᠥᠭᠥᠭᠡ ᠲᠠᠯ᠎ᠠ ᠳᠤ ᠪᠠᠨ ᠶᠠᠳᠠᠭᠤᠷᠠᠯ ᠢ ᠶᠠᠷᠢᠬᠤ ᠪᠠᠷ ᠦᠨ᠎ᠡ ᠶᠢᠨ ᠥᠰᠦᠯᠲᠡ᠂ ᠢᠨᠹᠯᠢᠶᠠᠼ ᠤᠨ ᠠᠰᠠᠭᠤᠳᠠᠯ ᠢ ᠶᠠᠷᠢᠬᠤ ᠱᠠᠭᠠᠷᠳᠠᠯᠭ᠎ᠠ ᠲᠤᠯᠭᠠᠷᠠᠳᠠᠭ᠃ ᠲᠡᠶᠢᠮᠦ ᠡᠴᠡ ᠲᠥᠪ ᠪᠠᠩᠬᠢ ᠢᠨᠹᠯᠢᠶᠠᠼ᠂ ᠦᠨ᠎ᠡ ᠶᠢᠨ ᠥᠰᠦᠯᠲᠡ ᠶᠢ ᠲᠣᠭᠲᠠᠪᠤᠷᠢᠲᠠᠢ ᠪᠠᠶᠢᠯᠭᠠᠬᠤ᠂ ᠢᠨᠹᠯᠢᠶᠠᠼ ᠢ ᠵᠣᠷᠢᠯᠲᠠᠲᠤ ᠲᠦᠪᠰᠢᠨ ᠳᠦ ᠬᠠᠳᠠᠭᠠᠯᠠᠬᠤ ᠳᠤ ᠪᠣᠳᠣᠯᠭ᠎ᠠ ᠪᠠᠨ ᠴᠢᠭᠯᠡᠭᠦᠯᠬᠦ ᠱᠠᠭᠠᠷᠳᠠᠯᠭ᠎ᠠ ᠲᠠᠢ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ