ᠤ᠊∙ᠬᠦᠷᠡᠯᠰᠦ᠋ᠬᠡ ᠨᠠᠵᠠᠷᠪᠠᠶ᠋ᠸᠪ ᠲᠤ ᠪᠠᠷᠠᠭᠠᠯᠬᠠᠪᠠ  | News.MN

ᠤ᠊∙ᠬᠦᠷᠡᠯᠰᠦ᠋ᠬᠡ ᠨᠠᠵᠠᠷᠪᠠᠶ᠋ᠸᠪ ᠲᠤ ᠪᠠᠷᠠᠭᠠᠯᠬᠠᠪᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠬᠠᠰᠠᠺᠰᠲ᠋ᠠᠨ ᠤᠯᠤᠰ ᠲᠤ ᠬᠢᠵᠦ ᠪᠤᠢ ᠠᠯᠪᠠᠨ ᠶᠣᠰᠣᠨ ᠤ ᠠᠶᠢᠯᠴᠢᠯᠠᠯ ᠤᠨ ᠢᠶᠠᠨ ᠬᠦᠷᠢᠶᠡᠨ ᠳᠦ ᠲᠤᠰ ᠤᠯᠤᠰ ᠤᠨ ᠠᠩᠬᠠᠨ ᠤ ᠶᠡᠷᠦᠩᠬᠡᠶᠢᠯᠡᠭᠴᠢ᠂ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠳᠠᠷᠤᠭ᠎ᠠ ᠨ∙ᠨᠠᠵᠠᠷᠪᠠᠶ᠋ᠸᠪ ᠲᠤ ᠪᠠᠷᠠᠭᠠᠯᠬᠠᠪᠠ᠃ ᠶᠡᠷᠦᠩᠬᠡᠢ ᠰᠠᠶᠢᠳ ᠤ᠊∙ᠬᠦᠷᠡᠯᠰᠦ᠋ᠬᠡ ᠬᠠᠰᠠᠺᠰᠲ᠋ᠠᠨ ᠤᠯᠤᠰ ᠬᠤᠷᠳᠤᠴᠠ ᠲᠠᠢ ᠬᠥᠭᠵᠢᠵᠦ᠂ ᠠᠽᠢᠶ᠎ᠠ ᠶᠢᠨ ᠪᠥᠰᠡ ᠨᠤᠲᠤᠭ ᠲᠡᠳᠦᠢ ᠦᠭᠡᠢ ᠣᠯᠠᠨ ᠤᠯᠤᠰ ᠤᠨ ᠲᠠᠪᠴᠠᠩ ᠳᠤ ᠨᠡᠷ᠎ᠡ ᠬᠦᠨᠳᠦ ᠨᠢ ᠦᠰᠴᠦ᠂ ᠪᠠᠶᠢᠷᠢ ᠰᠠᠭᠤᠷᠢ ᠨᠢ ᠪᠡᠬᠢᠵᠢᠵᠦ ᠪᠠᠶᠢᠭ᠎ᠠ ᠳᠤ ᠪᠠᠶᠠᠷ ᠬᠦᠷᠭᠡᠬᠦ ᠶᠢᠨ ᠰᠠᠴᠠᠭᠤ ᠠᠩᠬᠠᠨ ᠤ ᠶᠡᠷᠦᠩᠬᠡᠶᠢᠯᠡᠭᠴᠢ ᠨ∙ᠨᠠᠵᠠᠷᠪᠠᠶ᠋ᠸᠪ  ᠤᠨ ᠰᠠᠨᠠᠭᠠᠴᠢᠯᠠᠭᠰᠠᠨ ︽ᠬᠠᠰᠠᠺᠰᠲ᠋ᠠᠨ – 2050︾᠂ ︽ ᠨᠤᠷᠠᠯ ᠤᠨ ᠵᠣᠯ ︵ᠭᠡᠷᠡᠯᠲᠦ ᠵᠠᠮ︶ – ᠢᠷᠡᠭᠡᠳᠦᠢ ᠳᠦ ᠬᠦᠷᠬᠦ ᠵᠠᠮ︾ ᠬᠡᠮᠡᠬᠦ ᠦᠨᠳᠦᠰᠦᠨ ᠦ ᠬᠥᠲᠥᠯᠪᠦᠷᠢ ᠨᠦᠭᠦᠳ ᠠᠮᠵᠢᠯᠲᠠᠲᠠᠢ ᠬᠡᠷᠡᠭᠵᠢᠵᠦ ᠪᠤᠢ ᠶᠢ ᠲᠡᠮᠳᠡᠭᠯᠡᠪᠡ᠃ᠨ∙ᠨᠠᠵᠠᠷᠪᠠᠶ᠋ᠸᠪ ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ ᠶᠢ ᠨᠡᠮᠡᠭᠳᠡᠭᠦᠯᠬᠦ ᠴᠢᠭᠯᠡᠯ ᠢᠶᠡᠷ ᠳᠣᠷᠪᠢᠲᠠᠢ ᠠᠵᠢᠯ ᠤᠳ ᠬᠢᠭᠳᠡᠬᠦ ᠱᠠᠭᠠᠷᠳᠠᠯᠭ᠎ᠠ ᠲᠠᠢ ᠪᠠᠶᠢᠭ᠎ᠠ ᠶᠢ ᠣᠨᠴᠠᠯᠠᠭᠠᠳ᠂ 2018 ᠣᠨ ᠳᠤ ᠴᠢᠩᠳᠤᠤ ᠳᠤ ᠪᠣᠯᠤᠭᠰᠠᠨ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠥ ᠶᠢᠨ ᠲᠡᠷᠢᠭᠦᠨ ᠨᠠᠷ ᠤᠨ ᠠᠭᠤᠯᠵᠠᠯᠲᠠ ᠶᠢᠨ ᠦᠶ᠎ᠡ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠲᠠᠢ ᠠᠭᠤᠯᠵᠠᠵᠤ ᠪᠠᠶᠢᠭᠰᠠᠨ ᠢᠶᠠᠨ ᠳᠤᠷᠠᠰᠪᠠ᠃ ᠮᠥᠨ ᠲᠡᠷᠡ ᠪᠡᠷ ᠮᠣᠩᠭᠣᠯ ᠤᠯᠤᠰ ᠤᠨ 120000 ᠬᠠᠰᠠᠭ ᠦᠨᠳᠦᠰᠦᠲᠡᠨ ᠢ ᠮᠣᠩᠭᠣᠯ᠂ ᠬᠠᠰᠠᠭᠰᠲ᠋ᠠᠨ ᠤ ᠬᠠᠷᠢᠯᠴᠠᠭ᠎ᠠ ᠶᠢ ᠬᠥᠭᠵᠢᠭᠦᠯᠬᠦ ᠳᠦ ᠴᠢᠬᠤᠯᠠ ᠡᠭᠦᠷᠭᠡ ᠭᠦᠢᠴᠡᠳᠭᠡᠳᠡᠭ ᠲᠤᠬᠠᠢ ᠲᠡᠮᠳᠡᠭᠯᠡᠪᠡ᠃
ᠬᠣᠶᠠᠷ ᠤᠯᠤᠰ ᠤᠨ ᠲᠥᠷᠥ ᠶᠢᠨ ᠲᠡᠷᠢᠭᠦᠨ ᠨᠠᠷ ᠤᠨ ᠴᠢᠩᠳᠤᠤ ᠶᠢᠨ ᠠᠭᠤᠯᠵᠠᠯᠲᠠ ᠶᠢᠨ ᠦᠶ᠎ᠡ ᠪᠡᠷ ᠶᠠᠷᠢᠭᠳᠠᠭᠰᠠᠨ ᠵᠦᠢᠯ ᠦᠳ ᠠᠵᠢᠯ ᠬᠡᠷᠡᠭ ᠪᠣᠯᠤᠭᠰᠠᠨ ᠲᠤᠬᠠᠢ ᠮᠣᠩᠭᠣᠯ ᠤᠯᠤᠰ ᠤᠨ ᠶᠡᠷᠦᠩᠬᠡᠢ ᠰᠠᠶᠢᠳ ᠳᠤᠷᠠᠳᠪᠠ᠃ ᠲᠤᠬᠠᠶᠢᠯᠠᠪᠠᠯ᠂ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ᠂ ᠰᠤᠶᠤᠯ ᠤᠨ ᠬᠠᠮᠲᠤ ᠶᠢᠨ ᠠᠵᠢᠯᠯᠠᠭᠠᠨ ᠤ ᠮᠣᠩᠭᠣᠯ᠂ ᠬᠠᠰᠠᠺᠰᠲ᠋ᠠᠨ ᠤ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ 2018 ᠣᠨ ᠳᠤ ᠨᠤᠷ-ᠰᠤᠯᠲᠠᠨ ᠬᠤᠲᠠ ᠳᠤ ᠠᠮᠵᠢᠯᠲᠠ ᠲᠠᠢ ᠪᠣᠯᠵᠤ᠂ ᠤᠯᠠᠭᠠᠨᠪᠠᠭᠠᠲᠤᠷ᠂ ᠨᠤᠷ-ᠰᠤᠯᠲᠠᠨ ᠴᠢᠭᠯᠡᠯ ᠦᠨ ᠰᠢᠭᠤᠳ ᠨᠢᠰᠦᠯᠭᠡ ᠡᠨᠡ ᠣᠨ ᠤ 6 ᠳ᠋ᠤᠭᠠᠷ ᠰᠠᠷ᠎ᠠ ᠠᠴᠠ ᠨᠡᠭᠡᠭᠡᠭᠳᠡᠭᠰᠡᠨ ᠵᠡᠷᠭᠡ ᠶᠢ ᠳᠤᠷᠠᠳᠪᠠ᠃ ᠮᠥᠨ ᠲᠡᠷᠡ ᠪᠡᠷ ᠬᠠᠰᠠᠭᠰᠲ᠋ᠠᠨ ᠤᠯᠤᠰ ᠤᠨ ᠶᠡᠷᠦᠩᠬᠡᠢ ᠰᠠᠶᠢᠳ ᠠ᠊∙ᠤ᠊∙ᠮᠠᠮᠢᠨ ᠠᠯᠪᠠᠨ ᠶᠣᠰᠣᠨ ᠤ ᠬᠡᠯᠡᠯᠴᠡᠭᠡᠨ ᠦ ᠦᠶ᠎ᠡ ᠪᠡᠷ ᠤᠯᠠᠭᠠᠨᠪᠠᠭᠠᠲᠤᠷ᠂ ᠠᠯᠮᠠᠲ  ᠴᠢᠭᠯᠡᠯ ᠦᠨ ᠨᠢᠰᠦᠯᠭᠡ ᠨᠡᠭᠡᠭᠡᠬᠦ ᠠᠰᠠᠭᠤᠳᠠᠯ ᠢ ᠳᠡᠮᠵᠢᠭᠰᠡᠨ ᠳᠦ ᠪᠠᠶᠠᠷᠲᠠᠢ ᠪᠠᠶᠢᠭ᠎ᠠ ᠪᠠᠨ ᠢᠯᠡᠷᠬᠡᠶᠢᠯᠡᠪᠡ᠃ ᠬᠠᠰᠠᠺᠰᠲ᠋ᠠᠨ ᠤ ᠠᠩᠬᠠᠨ ᠤ ᠶᠡᠷᠦᠩᠬᠡᠶᠢᠯᠡᠭᠴᠢ 25 ᠵᠢᠯ ᠦᠨ ᠳᠠᠷᠠᠭ᠎ᠠ ᠪᠣᠯᠵᠤ ᠪᠤᠢ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠠᠶᠢᠯᠴᠢᠯᠠᠯ ᠢ ᠬᠣᠶᠠᠷ ᠣᠷᠣᠨ ᠤ ᠬᠠᠷᠢᠯᠴᠠᠭ᠎ᠠ ᠶᠢ ᠬᠥᠭᠵᠢᠭᠦᠯᠬᠦ ᠳᠦ ᠲᠦᠯᠬᠢᠴᠡ ᠥᠭᠭᠦᠨ᠎ᠡ ᠭᠡᠵᠦ ᠢᠲᠡᠭᠡᠵᠦ ᠪᠤᠢ  ᠪᠠᠨ ᠢᠯᠡᠷᠬᠡᠶᠢᠯᠡᠭᠡᠳ᠂ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠶᠢᠯᠴᠢᠯᠠᠯ ᠢ ᠲᠣᠭᠲᠠᠮᠠᠯᠵᠢᠭᠤᠯᠬᠤ ᠶᠢᠨ ᠴᠢᠬᠤᠯᠠ ᠶᠢ ᠲᠡᠮᠳᠡᠭᠯᠡᠪᠡ᠃

ᠰᠡᠳᠬᠢᠭᠳᠡᠯ ᠦᠯᠡᠳᠡᠭᠡᠬᠦ