ᠮᠣᠩᠭᠣᠯ ᠬᠠᠰᠠᠺᠰᠲ᠋ᠠᠨ ‍ᠣ ᠶᠡᠷᠦᠩᠬᠡᠢ ᠰᠠᠶᠢᠳ ᠨᠠᠷ ᠬᠡᠯᠡᠯᠴᠡᠭᠡ ᠬᠢᠪᠡ   | News.MN

ᠮᠣᠩᠭᠣᠯ ᠬᠠᠰᠠᠺᠰᠲ᠋ᠠᠨ ‍ᠣ ᠶᠡᠷᠦᠩᠬᠡᠢ ᠰᠠᠶᠢᠳ ᠨᠠᠷ ᠬᠡᠯᠡᠯᠴᠡᠭᠡ ᠬᠢᠪᠡ  

     ᠮᠣᠩᠭᠣᠯ ᠤᠯᠤᠰ ᠤᠨ ᠶᠡᠷᠦᠩᠬᠡᠢ ᠰᠠᠶᠢᠳ ᠤ᠊ᠬᠦᠷᠡᠯᠰᠦ᠋ᠬᠡ ᠂ ᠪᠦᠭᠦᠳᠡ ᠨᠠᠶᠢᠷᠠᠮᠳᠠᠬᠤ ᠬᠠᠰᠠᠺᠰᠲ᠋ᠠᠨ ᠤᠯᠤᠰ ᠤᠨ ᠶᠡᠷᠦᠩᠬᠡᠢ ᠰᠠᠶᠢᠳ ᠠᠰᠺᠠᠷ ᠤᠵᠠᠺᠫᠠᠸᠢᠴ ᠮᠠᠮᠢᠨ ᠨᠠᠷ ᠠᠯᠪᠠᠨ ᠶᠣᠰᠣᠨ ᠤ ᠬᠡᠯᠡᠯᠴᠡᠭᠡ ᠬᠢᠪᠡ᠃
ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ ᠶᠢᠨ ᠲᠥᠯᠥᠭᠡ ᠪᠦᠬᠦ ᠰᠠᠯᠪᠤᠷᠢ ᠳᠤ ᠢᠳᠡᠪᠬᠢᠯᠡᠨ ᠠᠵᠢᠯᠯᠠᠬᠤ ᠨᠢ ᠵᠦᠢᠲᠡᠢ ᠭᠡᠳᠡᠭ ᠲᠦ ᠲᠠᠯ᠎ᠠ ᠨᠤᠭᠤᠳ ᠰᠠᠨᠠᠯ ᠨᠢᠭᠡᠳᠪᠡ᠃ ᠬᠠᠰᠠᠺᠰᠲ᠋ᠠᠨ  ᠤ ᠲᠠᠯ᠎ᠠ ᠬᠥᠳᠡᠭᠡ ᠠᠵᠤ ᠠᠬᠤᠢ᠂ ᠪᠣᠯᠪᠠᠰᠤᠷᠠᠯ᠂ ᠳᠡᠳ᠋ ᠪᠦᠲᠦᠴᠡ ᠶᠢᠨ ᠰᠠᠯᠪᠤᠷᠢ ᠳ᠋ᠡᠬᠢ ᠬᠤᠳᠠᠯᠳᠤᠭ᠎ᠠ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠬᠦᠰᠡᠯ ᠲᠡᠢ ᠪᠠᠶᠢᠭ᠎ᠠ ᠪᠠᠨ ᠢᠯᠡᠷᠬᠡᠶᠢᠯᠡᠵᠦ᠂ ᠲᠡᠭᠡᠭᠡᠪᠦᠷᠢ ᠯᠤᠵᠢᠰᠲ᠋ᠢᠺ ᠤᠨ ᠰᠦᠯᠵᠢᠶ᠎ᠡ ᠶᠢ ᠦᠷᠭᠡᠳᠭᠡᠬᠦ᠂ ᠬᠦᠨᠡᠰᠦ ᠬᠥᠳᠡᠭᠡ ᠠᠵᠤ ᠠᠬᠤᠢ᠂ ᠵᠢᠵᠢᠭ ᠳᠤᠮᠳᠠ᠂ ᠬᠥᠩᠭᠡᠨ ᠦᠢᠯᠡᠳᠪᠦᠷᠢ ᠶᠢᠨ ᠰᠠᠯᠪᠤᠷᠢ ᠳᠤ ᠬᠥᠷᠥᠩᠭᠡ ᠣᠷᠣᠭᠤᠯᠤᠯᠲᠠ ᠬᠢᠬᠦ ᠪᠣᠯᠤᠮᠵᠢ ᠲᠠᠢ ᠭᠡᠪᠡ᠃ 
    2020 ᠣᠨ ᠳᠤ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯ ᠢ ᠵᠣᠬᠢᠶᠠᠨ ᠪᠠᠶᠢᠭᠤᠯᠬᠤ ᠰᠠᠨᠠᠯ ᠢ ᠮᠣᠩᠭᠣᠯ ᠤᠯᠤᠰ ᠤᠨ ᠶᠡᠷᠦᠩᠬᠡᠢ ᠰᠠᠶᠢᠳ ᠤ᠊ᠬᠦᠷᠡᠯᠰᠦ᠋ᠬᠡ ᠭᠠᠷᠭᠠᠯ᠎ᠠ᠃ ᠮᠥᠨ 35 ᠰᠠᠶ᠎ᠠ ᠳ᠋ᠣᠯᠯᠠᠷ ᠪᠠᠶᠢᠭ᠎ᠠ ᠬᠤᠳᠠᠯᠳᠤᠭᠠᠨ ᠤ ᠡᠷᠭᠢᠯᠲᠡ ᠶᠢ 130 ᠰᠠᠶ᠎ᠠ ᠳ᠋ᠣᠯᠯᠠᠷ ᠲᠤ ᠬᠦᠷᠭᠡᠬᠦ ᠪᠣᠯᠤᠮᠵᠢ ᠲᠠᠢ ᠶᠢ ᠲᠡᠮᠳᠡᠭᠯᠡᠪᠡ᠃ ᠠᠯᠪᠠᠨ ᠶᠣᠰᠣᠨ ᠤ ᠠᠶᠢᠯᠴᠢᠯᠠᠯ ᠤᠨ ᠬᠦᠷᠢᠶᠡᠨ ᠳᠦ ᠢᠷᠭᠡᠨ ᠦ ᠪᠣᠯᠤᠨ ᠡᠷᠡᠭᠦᠦ ᠶᠢᠨ ᠬᠡᠷᠡᠭ ᠦᠨ ᠲᠠᠯ᠎ᠠ ᠪᠠᠷ ᠡᠷᠬᠡ ᠵᠦᠢ ᠶᠢᠨ ᠲᠤᠰᠠᠯᠠᠯᠴᠠᠭ᠎ᠠ ᠬᠠᠷᠢᠯᠴᠠᠨ ᠦᠵᠡᠭᠦᠯᠬᠦ ᠲᠤᠬᠠᠢ᠂ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ᠂ ᠪᠣᠯᠪᠠᠰᠤᠷᠠᠯ ᠤᠨ ᠪᠠᠷᠢᠮᠲᠠ ᠪᠢᠴᠢᠭ᠂ ᠡᠷᠳᠡᠮ ᠦᠨ ᠵᠡᠷᠭᠡ ᠴᠣᠯᠠ ᠶᠢ ᠬᠠᠷᠢᠯᠴᠠᠨ ᠬᠦᠯᠢᠶᠡᠨ ᠵᠦᠪᠰᠢᠶᠡᠷᠡᠬᠦ ᠲᠤᠬᠠᠢ᠂ ᠮᠠᠯ ᠡᠮᠨᠡᠯᠭᠡ᠂ ᠬᠣᠷᠢᠭ᠎ᠠ ᠴᠡᠭᠡᠷ ᠦᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ᠂ ᠤᠯᠠᠭᠠᠨᠪᠠᠭᠠᠲᠤᠷ ᠬᠣᠲᠠ᠂ ᠨᠤᠷ-ᠰᠤᠯᠲᠠᠨ ᠬᠣᠲᠠ ᠬᠣᠭᠣᠷᠣᠨᠳᠣ ᠠᠬ᠎ᠠ ᠳᠡᠭᠦᠦ ᠬᠣᠲᠠ ᠶᠢᠨ ᠬᠠᠷᠢᠯᠴᠠᠭ᠎ᠠ ᠲᠣᠭᠲᠠᠭᠠᠬᠤ ᠲᠤᠬᠠᠢ ᠵᠡᠷᠭᠡ ᠪᠢᠴᠢᠭ ᠪᠠᠷᠢᠮᠲᠠ ᠳᠤ ᠭᠠᠷ ᠤᠨ ᠦᠰᠦᠭ ᠵᠢᠷᠤᠪᠠ᠃ 

 

ᠰᠡᠳᠬᠢᠭᠳᠡᠯ ᠦᠯᠡᠳᠡᠭᠡᠬᠦ