ᠵᠡᠭᠦᠨᠪᠠᠶᠠᠨ ᠴᠢᠭᠯᠡᠯ ᠤᠨ ᠲᠡᠮᠦᠷ ᠵᠠᠮ ᠤᠨ ᠴᠠᠷᠢᠭ ᠢ ᠲᠠᠯᠪᠢᠵᠤ ᠡᠬᠢᠯᠡᠯ᠎ᠡ  | News.MN

ᠵᠡᠭᠦᠨᠪᠠᠶᠠᠨ ᠴᠢᠭᠯᠡᠯ ᠤᠨ ᠲᠡᠮᠦᠷ ᠵᠠᠮ ᠤᠨ ᠴᠠᠷᠢᠭ ᠢ ᠲᠠᠯᠪᠢᠵᠤ ᠡᠬᠢᠯᠡᠯ᠎ᠡ 

ᠶᠡᠷᠦᠩᠬᠡᠶᠢᠯᠡᠭᠴᠢ ᠬ∙ᠪᠠᠲᠤᠲᠤᠯᠭ᠎ᠠ ᠡᠨᠡ ᠰᠠᠷ᠎ᠠ ᠶᠢᠨ 8-9  ᠳᠦ ᠡᠮᠦᠨᠡᠭᠣᠪᠢ ᠠᠶᠢᠮᠠᠭ ᠤᠨ ᠴᠣᠭᠲᠤᠴᠡᠴᠡᠢ ︵ᠲᠠᠪᠤᠨᠲᠣᠯᠣᠭᠠᠢ︶ ᠰᠤᠮᠤ ᠠᠴᠠ ᠳᠣᠷᠣᠨᠠᠭᠣᠪᠢ ᠠᠶᠢᠮᠠᠭ ᠤᠨ ᠵᠡᠭᠦᠨᠪᠠᠶᠠᠨ ᠬᠦᠷᠲᠡᠯ᠎ᠡ ᠪᠠᠷᠢᠭᠳᠠᠵᠤ ᠪᠤᠢ 414.6 ᠺᠢᠯᠣᠮᠧᠲ᠋ᠷ ᠲᠡᠮᠦᠷ ᠵᠠᠮ ᠤᠨ ᠠᠵᠢᠯ ᠤᠨ ᠶᠠᠪᠤᠴᠠ ᠲᠠᠢ ᠲᠠᠨᠢᠯᠴᠠᠯ᠎ᠠ᠃ ᠬᠤᠪᠢ ᠶᠢᠨ ᠠᠵᠤ ᠠᠬᠤᠢ ᠶᠢᠨ ᠨᠢᠭᠡᠴᠡ ᠨᠦᠭᠦᠳ ᠲᠡᠮᠦᠷ ᠵᠠᠮ ᠤᠨ ᠳᠠᠯᠠᠩ ᠤᠨ ᠠᠵᠢᠯ ᠭᠦᠢᠴᠡᠳᠭᠡᠬᠦ ᠳᠦ  ᠲᠤᠯᠭᠠᠷᠠᠵᠤ ᠪᠤᠢ ᠲᠣᠮᠣᠬᠠᠨ ᠪᠡᠷᠬᠡᠰᠢᠶᠡᠯ ᠦᠭᠡᠢ᠂ ᠳᠤᠯᠠᠭᠠᠨ ᠴᠠᠭ ᠠᠭᠠᠷ ᠲᠠᠢ ᠲᠤᠯᠠ ᠨᠢᠭᠡᠳᠦᠭᠡᠷ ᠰᠠᠷ᠎ᠠ ᠶᠢᠨ ᠡᠬᠢᠨ ᠬᠦᠷᠲᠡᠯ᠎ᠡ᠂ ᠵᠠᠷᠢᠮ ᠠᠵᠤ ᠠᠬᠤᠢ ᠶᠢᠨ ᠨᠢᠭᠡᠴᠡ ᠡᠪᠦᠯ ᠦᠨ ᠤᠯᠠᠷᠢᠯ ᠬᠠᠷᠠᠭᠠᠯᠵᠠᠬᠤ ᠦᠭᠡᠢ ᠠᠵᠢᠯᠯᠠᠬᠤ ᠪᠠᠷ ᠪᠣᠯᠵᠠᠢ᠃ ᠮᠥᠨ ᠺᠣᠮᠫᠠᠨᠢ ᠨᠤᠭᠤᠳ ᠭᠦᠢᠴᠡᠳᠬᠡᠯ ᠳᠦ ᠪᠡᠨ ᠲᠠᠭᠠᠷᠠᠭᠤᠯᠤᠨ ᠬᠥᠷᠥᠩᠭᠡ ᠪᠡᠨ ᠲᠤᠬᠠᠢ ᠪᠦᠷᠢ ᠳᠦ ᠨᠢ ᠰᠢᠢᠳᠪᠦᠷᠢᠯᠡᠭᠦᠯᠬᠦ᠂ ᠴᠢᠨᠠᠷᠲᠠᠢ ᠭᠦᠢᠴᠡᠳᠬᠡᠯ ᠳᠦ ᠦᠨᠳᠦᠰᠦᠯᠡᠨ ᠳᠠᠷᠠᠭ᠎ᠠ ᠳᠠᠷᠠᠭ᠎ᠠ ᠶᠢᠨ ᠳᠠᠯᠠᠩ ᠤᠨ ᠠᠵᠢᠯ

ᠢᠶᠠᠨ ᠭᠦᠢᠴᠡᠳᠭᠡᠬᠦ ᠪᠠᠲᠤᠯᠠᠭ᠎ᠠ ᠲᠠᠢ ᠪᠣᠯᠬᠤ ᠵᠡᠷᠭᠡ ᠰᠠᠨᠠᠯ ᠲᠠᠢ ᠪᠠᠶᠢᠯ᠎ᠠ᠃ ᠡᠶᠢᠮᠦ ᠳᠦ ᠶᠡᠷᠦᠩᠬᠡᠶᠢᠯᠡᠭᠴᠢ ᠬ∙ᠪᠠᠲᠤᠲᠤᠯᠭ᠎ᠠ ᠬᠣᠯᠪᠣᠭᠳᠠᠬᠤ ᠠᠯᠪᠠᠨ ᠲᠤᠰᠢᠶᠠᠯᠲᠠᠳ ᠲᠤ ᠭᠦᠢᠴᠡᠳᠬᠡᠯ ᠥᠨᠳᠥᠷ ᠲᠡᠢ᠂ ᠬᠤᠪᠢᠶᠠᠷᠢ ᠠᠴᠠ ᠲᠦᠷᠦᠭᠦᠯᠡᠵᠦ ᠠᠵᠢᠯ ᠢᠶᠠᠨ ᠭᠦᠢᠴᠡᠳᠭᠡᠵᠦ ᠪᠤᠢ ᠺᠣᠮᠫᠠᠨᠢ ᠨᠤᠭᠤᠳ ᠤᠨ ᠳᠠᠷᠠᠭ᠎ᠠ ᠶᠢᠨ ᠠᠵᠢᠯ ᠢ ᠪᠠᠲᠤᠯᠠᠭᠠᠵᠢᠭᠤᠯᠬᠤ᠂ ᠵᠠᠷᠢᠮ ᠠᠵᠤ ᠠᠬᠤᠢ ᠶᠢᠨ ᠨᠢᠭᠡᠴᠡ ᠶᠢᠨ ᠬᠦᠮᠦᠨ ᠬᠦᠴᠦ ᠶᠢ ᠨᠡᠮᠡᠭᠳᠡᠭᠦᠯᠬᠦ ᠡᠭᠦᠷᠭᠡ ᠳᠠᠭᠠᠭᠠᠯᠭᠠᠪᠤᠷᠢ ᠥᠭᠭᠦᠯ᠎ᠡ᠃
ᠵᠡᠪᠰᠡᠭᠲᠦ ᠬᠦᠴᠦᠨ ᠦ ᠠᠩᠭᠢ ᠶᠢᠨ ᠬᠢᠨ ᠮᠥᠨ ᠲᠡᠮᠦᠷ ᠵᠠᠮ ᠤᠨ ᠰᠠᠭᠤᠷᠢ ᠪᠦᠲᠦᠴᠡ ᠶᠢᠨ ᠠᠵᠢᠯ ᠢᠶᠠᠨ ᠲᠥᠯᠦᠪᠯᠡᠭᠡᠨ ᠦ ᠳᠠᠭᠠᠤ ᠭᠦᠢᠴᠡᠳᠭᠡᠵᠦ᠂ ᠵᠠᠷᠢᠮ ᠵᠥᠷᠢᠯᠭᠡ ᠳᠦ ᠣᠷᠣᠨ ᠰᠠᠭᠤᠴᠠ᠂ ᠤᠳᠤᠷᠢᠳᠤᠯᠭ᠎ᠠ ᠶᠢᠨ ᠪᠠᠶᠢᠷᠢ ᠵᠡᠷᠭᠡ ᠲᠣᠮᠣᠬᠠᠨ ᠪᠦᠲᠦᠭᠡᠨ ᠪᠠᠶᠢᠭᠤᠯᠤᠯᠲᠠ ᠥᠷᠨᠢᠭᠦᠯᠵᠦ ᠪᠠᠶᠢᠨ᠎ᠠ᠃ ᠲᠠᠪᠤᠨᠲᠣᠯᠣᠭᠠᠢ ᠶᠢᠨ ᠲᠡᠮᠦᠷ ᠵᠠᠮ  ᠬᠤᠯᠪᠤᠭᠳᠠᠬᠤ ᠲᠤᠯᠠ ᠬᠦᠴᠦᠨ ᠴᠢᠳᠠᠯ ᠢ ᠨᠢ ᠨᠡᠮᠡᠭᠳᠡᠭᠦᠯᠵᠦ ᠪᠤᠢ ᠵᠠᠭᠦᠨ ᠪᠠᠶᠠᠨ ᠥᠷᠲᠡᠭᠡᠨ ᠳᠦ ᠳᠠᠯᠠᠩ ᠤᠨ ᠠᠵᠢᠯ ᠦᠷᠭᠦᠯᠵᠢᠯᠡᠬᠦ ᠡᠴᠡ ᠭᠠᠳᠠᠨ᠎ᠠ ᠲᠡᠮᠦᠷ ᠵᠠᠮ ᠲᠠᠯᠪᠢᠬᠤ ᠦᠶ᠎ᠡ ᠤᠭᠰᠠᠷᠠᠬᠤ ᠪᠠᠭᠠᠵᠢ ᠶᠢ ᠪᠠᠷᠢᠵᠤ᠂ ᠪᠠᠶᠢᠭᠤᠯᠵᠤ ᠳᠠᠭᠤᠰᠴᠠᠢ᠃ ᠤᠯᠠᠮ ᠢᠶᠠᠷ ᠵᠡᠭᠦᠨ ᠪᠠᠶᠠᠨ ᠴᠢᠭᠯᠡᠯ ᠡᠴᠡ ᠡᠬᠢᠯᠡᠨ ᠲᠡᠮᠦᠷ ᠵᠠᠮ ᠤᠨ ᠴᠠᠷᠢᠭ ᠲᠠᠯᠪᠢᠵᠤ ᠡᠬᠢᠯᠡᠯ᠎ᠡ᠃ ᠶᠡᠷᠦᠩᠬᠡᠶᠢᠯᠡᠭᠴᠢ ᠶᠢ ᠳᠠᠭᠠᠯᠳᠤᠨ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ᠂ ᠵᠠᠮ ᠲᠡᠭᠡᠭᠡᠪᠦᠷᠢ ᠶᠢᠨ ᠬᠥᠭᠵᠢᠯ ᠦᠨ ᠰᠠᠶᠢᠳ ᠪ∙ᠡᠩᠬᠡ-ᠠᠮᠤᠭᠤᠯᠠᠩ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠬᠣᠰᠢᠭᠤᠴᠢ ᠭᠧᠨᠧᠷᠠᠯ ᠳ∙ᠭᠠᠩᠵᠣᠷᠢᠭ᠂ ︽ᠮᠣᠩᠭᠣᠯ ᠤᠨ ᠲᠡᠮᠦᠷ ᠵᠠᠮ︾᠂ ︽ᠤᠯᠠᠭᠠᠨᠪᠠᠭᠠᠲᠤᠷ ᠤᠨ ᠲᠡᠮᠦᠷ ᠵᠠᠮ︾  ᠦᠨ ᠤᠳᠤᠷᠢᠳᠬᠤ ᠠᠯᠪᠠᠨ ᠲᠤᠰᠢᠶᠠᠯᠲᠠᠳ ᠠᠵᠢᠯᠯᠠᠯ᠎ᠠ ᠭᠡᠵᠦ ᠶᠡᠷᠦᠩᠬᠡᠶᠢᠯᠡᠭᠴᠢ ᠶᠢᠨ ᠬᠡᠪᠯᠡᠯ ᠦᠨ ᠠᠯᠪᠠᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ