ᠨ∙ᠪᠠᠲᠤᠰᠠᠭᠤᠷᠢ ᠰᠣᠨᠢᠷᠬᠠᠭᠴᠢᠳ ᠤᠨ ᠰᠦᠮᠣ᠋  ᠶᠢᠨ ᠠᠪᠤᠷᠭᠤ ᠪᠣᠯᠤᠯ᠎ᠠ  | News.MN

ᠨ∙ᠪᠠᠲᠤᠰᠠᠭᠤᠷᠢ ᠰᠣᠨᠢᠷᠬᠠᠭᠴᠢᠳ ᠤᠨ ᠰᠦᠮᠣ᠋  ᠶᠢᠨ ᠠᠪᠤᠷᠭᠤ ᠪᠣᠯᠤᠯ᠎ᠠ 

ᠶᠠᠫᠣᠨ ᠤ ᠮᠡᠷᠭᠡᠵᠢᠯ ᠦᠨ ᠰᠦᠮᠦᠦ  ᠶᠢᠨ ᠰᠣᠨᠢᠷᠬᠠᠭᠴᠢᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠶᠠᠫᠣᠨ ᠤᠯᠤᠰ ᠤᠨ ᠤᠤᠰᠠᠺᠠ ᠬᠤᠲᠠ ᠳᠤ ᠵᠣᠬᠢᠶᠠᠨ ᠪᠠᠶᠢᠭᠤᠯᠤᠭᠳᠠᠵᠠᠢ᠃ ᠤᠯᠤᠰ ᠤᠨ ᠠᠪᠤᠷᠭᠤ ᠨ∙ ᠪᠠᠲᠤᠰᠠᠭᠤᠷᠢ᠂ ᠤᠯᠤᠰ ᠤᠨ ᠨᠠᠴᠢᠨ ᠪ∙ᠴᠡᠨᠳᠡᠰᠤᠳᠨᠠᠮ᠂ ᠰᠦᠮᠦᠦ ᠪᠥᠬᠡ ᠶᠢᠨ ᠳᠡᠯᠡᠬᠡᠢ ᠶᠢᠨ ᠠᠪᠤᠷᠭᠤ ᠪ∙ ᠪᠠᠳᠠᠷᠠᠯ᠂ ᠰᠦᠮᠣ᠋ ᠪᠥᠬᠡ ᠶᠢᠨ ᠳᠡᠯᠡᠬᠡᠢ ᠶᠢᠨ ᠠᠪᠤᠷᠭᠤ ᠶᠢᠨ ᠮᠥᠩᠭᠥᠨ  ᠮᠸᠳᠠᠯᠲᠦ ᠨ∙ᠳᠠᠸᠠᠵᠠᠮᠰᠤ ᠨᠠᠷ ᠨᠠᠰᠤᠨ ᠳᠤ ᠬᠦᠷᠦᠭᠰᠡᠳ ᠦᠨ ᠠᠩᠭᠢᠯᠠᠯ ᠳᠤ ᠣᠷᠣᠯᠴᠠᠯ᠎ᠠ᠃ ᠬᠠᠷᠢᠨ ᠵᠠᠯᠠᠭᠤᠴᠤᠳ ᠤᠨ ᠠᠩᠭᠢᠯᠠᠯ ᠳᠤ ᠠ᠊∙ᠰᠤᠰᠤᠷᠬᠦᠦ᠂  ᠬᠠᠺᠤᠬᠤ᠋ ᠮ∙ᠳᠠᠸᠠᠵᠢᠷᠭᠠᠯ ᠤᠨ ᠵᠢᠭᠡ ᠳᠡᠭᠦᠦ ᠪ∙ᠮᠦᠩᠬᠡᠶᠢᠳᠡᠷ ᠨᠠᠷ ᠬᠦᠴᠦ ᠦᠵᠡᠵᠡᠢ᠃
ᠨᠠᠰᠤᠨ ᠳᠤ ᠬᠦᠷᠦᠭᠰᠡᠳ ᠦᠨ -100 ᠺᠢᠯᠦᠭᠷᠡᠮ ᠵᠢᠩ ᠳᠦ ᠬᠦᠴᠦ ᠦᠵᠡᠭᠰᠡᠨ ᠰᠦᠮᠣ᠋ ᠪᠥᠬᠡ ᠶᠢᠨ ᠳᠡᠯᠡᠬᠡᠢ ᠶᠢᠨ ᠠᠪᠤᠷᠭᠤ ᠪ∙ᠪᠠᠳᠠᠷᠠᠯ ᠠᠯᠲᠠᠨ ᠮᠧᠳᠠᠯ  ᠬᠦᠷᠲᠡᠭᠰᠡᠨ ᠢᠶᠡᠷ ᠳᠡᠯᠡᠬᠡᠢ ᠶᠢᠨ ᠬᠣᠱᠣᠢ ᠠᠪᠤᠷᠭᠤ ᠪᠣᠯᠵᠠᠢ᠃ ᠦᠨᠡᠮᠯᠡᠬᠦᠢ ᠵᠢᠩ ᠳᠦ ᠤᠯᠤᠰ ᠤᠨ ᠠᠪᠤᠷᠭᠤ ᠨ ∙ᠪᠠᠲᠤᠰᠠᠭᠤᠷᠢ ᠠᠯᠲᠠᠨ ᠮᠧᠳᠠᠯ ᠬᠦᠷᠲᠡᠭᠰᠡᠨ ᠢᠶᠡᠷ ᠰᠦᠮᠣ᠋ ᠪᠥᠬᠡ ᠶᠢᠨ ᠳᠡᠯᠡᠬᠡᠢ ᠶᠢᠨ ᠠᠪᠤᠷᠭᠤ ᠪᠣᠯᠤᠯ᠎ᠠ᠃ ᠵᠠᠯᠠᠭᠤᠴᠤᠳ ᠤᠨ ᠠᠩᠭᠢᠯᠠᠯ ᠤᠨ +100  ᠺᠢᠯᠦᠭᠷᠡᠮ ᠳᠦ ᠸᠴᠢᠷᠰᠠᠶᠢᠬᠠᠨ᠂ ᠦᠨᠡᠮᠯᠡᠬᠦᠢ ᠵᠢᠩ ᠳᠦ ᠪ∙ᠮᠦᠩᠬᠡᠶᠢᠳᠡᠷ ᠬᠦᠷᠡᠯ ᠮᠧᠳᠠᠯ ᠬᠦᠷᠲᠡᠵᠦ ᠪᠠᠭ᠎ᠠ ᠪᠠᠷ ᠢᠶᠠᠨ ᠮᠥᠩᠭᠥ ᠮᠧᠳᠠᠯ ᠬᠦᠷᠲᠡᠭᠰᠡᠨ ᠠᠮᠵᠢᠯᠲᠠ ᠭᠠᠷᠭᠠᠵᠠᠢ᠃

ᠰᠡᠳᠬᠢᠭᠳᠡᠯ ᠦᠯᠡᠳᠡᠭᠡᠬᠦ