︽ᠤᠪᠰᠤ ᠲᠦᠩᠰᠢᠯᠡᠯ 2019︾ ᠦᠵᠡᠰᠬᠦᠯᠡᠩ ᠬᠤᠳᠠᠯᠳᠤᠭ᠎ᠠ ᠪᠣᠯᠤᠯ᠎ᠠ  | News.MN

︽ᠤᠪᠰᠤ ᠲᠦᠩᠰᠢᠯᠡᠯ 2019︾ ᠦᠵᠡᠰᠬᠦᠯᠡᠩ ᠬᠤᠳᠠᠯᠳᠤᠭ᠎ᠠ ᠪᠣᠯᠤᠯ᠎ᠠ 

︽ᠤᠪᠰᠤ ᠲᠦᠩᠰᠢᠯᠡᠯ-2019 ︾ ᠦᠵᠡᠰᠬᠦᠯᠡᠩ ᠬᠤᠳᠠᠯᠳᠤᠭ᠎ᠠ ᠡᠨᠡ ᠰᠠᠷ᠎ᠠ ᠶᠢᠨ 11-12 ᠍ ᠤ ᠡᠳᠦᠷ ᠦᠳ ᠲᠦ ᠪ∙ᠭᠢᠸᠠᠩ ᠪᠠᠭᠠᠲᠤᠷ ᠤᠨ ᠲᠠᠯᠠᠪᠠᠢ ᠪᠣᠯᠤᠨᠪᠦᠬᠦ ᠶᠢᠨ ᠥᠷᠭᠦᠭᠡᠨ ᠳᠦ ᠪᠣᠯᠵᠤ ᠥᠩᠭᠡᠷᠡᠯ᠎ᠡ᠃ ᠡᠨᠡ ᠵᠢᠯ ᠦᠨ ᠬᠤᠪᠢ ᠳᠤ ᠪ∙ᠭᠢᠸᠠᠩ ᠪᠠᠭᠠᠲᠤᠷ ᠤᠨ ᠲᠠᠯᠠᠪᠠᠢ ᠳᠤ ᠢᠷᠭᠡᠨ᠂ ᠠᠵᠤ ᠠᠬᠤᠢ ᠶᠢᠨ ᠨᠢᠭᠡᠴᠡ᠂ ᠬᠣᠷᠰᠢᠶ᠎ᠠ᠂ ᠨᠥᠬᠥᠷᠯᠡᠯ ᠦᠨ ᠦᠢᠯᠡᠳᠪᠦᠷᠢᠯᠡᠭᠰᠡᠨ ᠪᠦᠲᠦᠭᠡᠭᠳᠡᠬᠦᠨ ᠦ ᠦᠵᠡᠰᠬᠦᠯᠡᠩ ᠬᠤᠳᠠᠯᠳᠤᠭ᠎ᠠ ᠪᠣᠯᠤᠭᠰᠠᠨ ᠪᠥᠭᠡᠳ ᠬᠠᠮᠤᠭ ᠤᠨ ᠭᠣᠣᠯ ᠨᠢ ᠲᠡᠳᠡᠨ ᠢ ᠳᠡᠮᠵᠢᠨ ᠤᠷᠮᠠᠰᠢᠭᠤᠯᠬᠤ᠂ ᠪᠢᠽᠢᠨᠧᠰ ᠢ ᠨᠢ ᠰᠤᠷᠲᠠᠯᠴᠢᠯᠠᠬᠤ᠂ ᠣᠷᠣᠯᠭ᠎ᠠ ᠪᠠᠨ ᠨᠡᠮᠡᠭᠳᠡᠭᠦᠯᠬᠦ ᠪᠣᠯᠤᠮᠵᠢ ᠣᠯᠭᠣᠬᠤ᠂ ᠵᠠᠬ᠎ᠠ ᠵᠡᠭᠡᠯᠢ ᠶᠢᠨ ᠰᠢᠨ᠎ᠡ ᠬᠠᠷᠢᠯᠴᠠᠭ᠎ᠠ ᠬᠣᠯᠪᠣᠭ᠎ᠠ ᠲᠣᠭᠲᠠᠭᠠᠬᠤ ᠴᠢᠭᠯᠡᠯ ᠢᠶᠡᠷ ᠠᠩᠬᠠᠷᠴᠤ ᠠᠵᠢᠯᠯᠠᠭᠰᠠᠨ ᠪᠠᠶᠢᠨ᠎ᠠ᠃
ᠦᠵᠡᠰᠬᠦᠯᠡᠩ ᠬᠤᠳᠠᠯᠳᠤᠭᠠᠨ ᠳᠤ ︽ᠨᠠᠮᠤᠷ ᠤᠨ ᠨᠣᠭᠣᠭᠠᠨ ᠡᠳᠦᠷ ᠦᠳ︾᠂ ︽ᠴᠢᠴᠠᠷᠭᠠᠨ᠎ᠠ ᠶᠢᠨ ᠪᠠᠶᠠᠷ︾᠂ ︽ᠵᠢᠵᠢᠭ ᠳᠤᠮᠳᠠ ᠦᠢᠯᠡᠳᠪᠦᠷᠢ ᠡᠷᠬᠢᠯᠡᠭᠴᠢᠳ ᠦᠨ ᠪᠦᠲᠦᠭᠡᠭᠳᠡᠬᠦᠨ ᠦ ᠦᠵᠡᠰᠬᠦᠯᠡᠩ ᠬᠤᠳᠠᠯᠳᠤᠭ᠎ᠠ︾᠂  ︽ᠰᠢᠯᠢᠮᠡᠯ ᠮᠠᠯ ᠤᠨ ᠬᠤᠳᠠᠯᠳᠤᠭ᠎ᠠ︾ ᠭᠡᠰᠡᠨ ᠴᠢᠭᠯᠡᠯ ᠢᠶᠡᠷ ᠣᠯᠠᠨ ᠨᠡᠷ᠎ᠡ ᠲᠥᠷᠥᠯ ᠦᠨ ᠪᠦᠲᠦᠭᠡᠭᠳᠡᠬᠦᠨ ᠨᠦᠭᠦᠳ ᠳᠡᠯᠭᠡᠭᠳᠡᠯ᠎ᠡ᠃ ᠦᠵᠡᠰᠬᠦᠯᠡᠩ ᠦᠨ ᠦᠶ᠎ᠡ ᠪᠡᠷ ᠢᠷᠭᠡᠳ ᠲᠦ ᠤᠷᠭᠤᠮᠠᠯ ᠬᠠᠮᠠᠭᠠᠯᠠᠯ᠂ ᠴᠢᠴᠠᠷᠭᠠᠨ᠎ᠠ ᠶᠢᠨ  ᠰᠤᠷᠲ ᠂ ᠪᠦᠲᠦᠭᠡᠭᠳᠡᠬᠦᠨ ᠦ ᠴᠢᠨᠠᠷ᠂ ᠡᠷᠡᠭᠦᠯ ᠠᠬᠤᠢ ᠶᠢᠨ ᠲᠠᠯ᠎ᠠ ᠪᠠᠷ ᠮᠡᠳᠡᠭᠡᠯᠡᠯ ᠥᠭᠭᠦᠭᠰᠡᠨ  ᠪᠠᠶᠢᠨ᠎ᠠ᠃

ᠰᠡᠳᠬᠢᠭᠳᠡᠯ ᠦᠯᠡᠳᠡᠭᠡᠬᠦ