ᠠᠪᠯᠢᠭ᠎ᠠ ᠲᠠᠢ ᠲᠡᠮᠡᠴᠡᠬᠦ ᠭᠠᠵᠠᠷ ᠤᠨ ᠲᠠᠯᠠᠪᠠᠢ ᠶᠢ ᠰᠢᠯᠵᠢᠭᠦᠯᠦᠯ᠎ᠡ | News.MN

ᠠᠪᠯᠢᠭ᠎ᠠ ᠲᠠᠢ ᠲᠡᠮᠡᠴᠡᠬᠦ ᠭᠠᠵᠠᠷ ᠤᠨ ᠲᠠᠯᠠᠪᠠᠢ ᠶᠢ ᠰᠢᠯᠵᠢᠭᠦᠯᠦᠯ᠎ᠡ

 

ᠨᠢᠭᠡ ᠬᠦᠮᠦᠨ ᠳᠦ ᠨᠣᠭᠳᠠᠬᠤ ᠨᠣᠭᠣᠭᠠᠨ ᠪᠠᠶᠢᠭᠤᠯᠤᠮᠵᠢ ᠶᠢᠨ ᠬᠡᠮᠵᠢᠶ᠎ᠡ ᠪᠡᠷ ᠢᠶᠡᠨ ᠤᠯᠠᠭᠠᠨᠪᠠᠭᠠᠲᠤᠷ ᠳᠡᠯᠡᠬᠡᠢ ᠶᠢᠨ ᠲᠣᠮᠣᠬᠠᠨ ᠬᠤᠲᠠ ᠨᠤᠭᠤᠳ ᠠᠴᠠ ᠰᠡᠭᠦᠯ ᠮᠤᠰᠬᠢᠳᠠᠭ᠃ ᠨᠡᠶᠢᠰᠯᠡᠯ ᠦᠨ ᠤᠳᠤᠷᠢᠳᠤᠯᠭ᠎ᠠ ᠤᠯᠠᠭᠠᠨᠪᠠᠭᠠᠲᠤᠷ ᠬᠣᠲᠠ ᠶᠢᠨ ᠢᠷᠭᠡᠳ ᠦᠨ ᠠᠮᠢᠳᠤᠷᠠᠬᠤ ᠣᠷᠴᠢᠨ ᠢ ᠰᠠᠶᠢᠵᠢᠷᠠᠭᠤᠯᠬᠤ ᠪᠠᠷ ᠲᠥᠪ ᠦᠨ ᠳᠡᠭᠦᠷᠭᠡ ᠪᠦᠷᠢ ᠳᠦ ᠪᠢᠴᠢᠯ ᠴᠡᠴᠡᠷᠯᠢᠭᠲᠦ ᠬᠦᠷᠢᠶᠡᠯᠡᠩ ᠪᠠᠶᠢᠭᠤᠯᠬᠤ᠂ ᠨᠡᠶᠢᠲᠡ ᠶᠢᠨ ᠡᠵᠡᠮᠰᠢᠯ ᠦᠨ ᠲᠠᠯᠠᠪᠠᠢ ᠶᠢ ᠲᠣᠬᠢᠵᠢᠭᠤᠯᠬᠤ ᠠᠵᠢᠯ ᠳᠤ ᠣᠨᠴᠠᠭᠠᠶᠢᠯᠠᠨ ᠠᠩᠬᠠᠷᠴᠤ ᠪᠤᠢ᠃ ᠡᠨᠡ ᠬᠦᠷᠢᠶᠡᠨ ᠳᠦ ᠨᠡᠶᠢᠰᠯᠡᠯ ᠦᠨ ᠵᠠᠰᠠᠭ ᠳᠠᠷᠤᠭ᠎ᠠ ᠰ∙ᠠᠮᠤᠷᠰᠠᠶᠢᠬᠠᠨ ᠥᠨᠥᠳᠥᠷ  ᠠᠪᠯᠢᠭ᠎ᠠ ᠲᠠᠢ ᠲᠡᠮᠡᠴᠡᠬᠦ ᠭᠠᠵᠠᠷ᠍ ᠤᠨ ᠡᠵᠡᠮᠰᠢᠯ ᠳᠦ ᠪᠠᠶᠢᠭᠰᠠᠨ 0.23 ᠭᠠ ᠲᠠᠯᠠᠪᠠᠢ ᠶᠢᠨ ᠡᠷᠬᠡ ᠶᠢ ᠴᠤᠴᠠᠯᠠᠵᠤ᠂ ︽ᠤᠯᠠᠭᠠᠨᠪᠠᠭᠠᠲᠤᠷ ᠲᠡᠮᠦᠷ ᠵᠠᠮ︾᠍ ᠦᠨ ᠡᠵᠡᠮᠰᠢᠯ ᠳᠦ  ᠦᠭᠭᠦᠯ᠎ᠡ ᠃ ᠲᠤᠰ ᠪᠠᠶᠢᠭᠤᠯᠤᠯᠭ᠎ᠠ ᠳᠡᠭᠡᠷᠡᠬᠢ ᠭᠠᠵᠠᠷ ᠲᠤ ᠶᠠᠮᠠᠷ ᠨᠢᠭᠡᠨ ᠣᠪᠶᠧᠺᠲ ᠪᠠᠷᠢᠬᠤ ᠦᠭᠡᠢ ᠪᠥᠭᠡᠳ ᠨᠣᠭᠣᠭᠠᠨ ᠪᠠᠶᠢᠭᠤᠯᠤᠮᠵᠢ ᠬᠡᠯᠪᠡᠷᠢ ᠪᠡᠷ ᠲᠣᠬᠢᠵᠢᠭᠤᠯᠵᠤ᠂ ᠴᠡᠴᠡᠷᠯᠢᠭᠵᠢᠭᠦᠯᠬᠦ ᠡᠭᠦᠷᠭᠡ ᠬᠦᠯᠢᠶᠡᠵᠦ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ