︽ᠾᠢᠮᠠᠯᠢ ᠶᠢᠨ ᠪᠥᠰᠡ ᠶᠢᠨ ᠬᠤᠶᠠᠳᠤᠭᠠᠷ ᠹᠣᠷᠣᠮ︾ ᠳᠦ ᠤᠷᠤᠯᠴᠠᠪᠠ  | News.MN

︽ᠾᠢᠮᠠᠯᠢ ᠶᠢᠨ ᠪᠥᠰᠡ ᠶᠢᠨ ᠬᠤᠶᠠᠳᠤᠭᠠᠷ ᠹᠣᠷᠣᠮ︾ ᠳᠦ ᠤᠷᠤᠯᠴᠠᠪᠠ 

ᠭᠠᠳᠠᠭᠠᠳᠤ ᠬᠠᠷᠢᠯᠴᠠᠭᠠᠨ ᠤ ᠶᠠᠮᠤᠨ᠍ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠲᠡᠷᠢᠭᠦᠲᠡᠢ ᠲᠥᠯᠥᠭᠡᠯᠡᠭᠴᠢᠳ ᠡᠨᠡ ᠰᠠᠷ᠎ᠠ ᠶᠢᠨ 11 ᠦ ᠡᠳᠦᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠦᠪᠡᠳ ᠦᠨ ᠥᠪᠡᠷᠲᠡᠭᠡᠨ ᠵᠠᠰᠠᠬᠤ ᠣᠷᠣᠨ ᠤ ᠯᠢᠨᠵᠠ ᠬᠤᠲᠠ ᠳᠤ ︽ᠪᠥᠰᠡ ᠪᠠ ᠵᠠᠮ︾ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ︽ᠾᠢᠮᠠᠯᠢ ᠶᠢᠨ ᠪᠥᠰᠡ ᠶᠢᠨ  ᠬᠤᠶᠠᠳᠤᠭᠠᠷ ᠹᠣᠷᠣᠮ︾ ᠍ ᠳᠦ ᠤᠷᠤᠯᠴᠠᠬᠤ ᠦᠶ᠎ᠡ ᠪᠡᠷ ᠢᠶᠡᠨ ᠲᠦᠪᠡᠳ ᠦᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠢᠶᠠᠩ ᠵᠢᠶ᠋ᠸ ᠲᠡᠢ ᠠᠭᠤᠯᠵᠠᠪᠠ᠃
ᠠᠭᠤᠯᠵᠠᠯᠲᠠ ᠶᠢᠨ ᠦᠶ᠎ᠡ ᠪᠡᠷ ᠮᠣᠩᠭᠣᠯ ᠬᠢᠲᠠᠳ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠥᠷᠭᠡᠵᠢᠨ ᠬᠥᠭᠵᠢᠬᠦ ᠶᠢᠨ ᠬᠢᠷᠢ ᠪᠡᠷ ᠣᠷᠣᠨ ᠨᠤᠲᠤᠭ ᠤᠨ ᠲᠦᠪᠰᠢᠨ ᠳᠦ ᠡᠭᠦᠨ ᠦ ᠳᠣᠲᠣᠷ᠎ᠠ ᠲᠦᠪᠡᠳ ᠦᠨ ᠥᠪᠡᠷᠲᠡᠭᠡᠨ ᠵᠠᠰᠠᠬᠤ ᠣᠷᠣᠨ ᠲᠠᠢ ᠬᠠᠷᠢᠯᠴᠠᠭ᠎ᠠ ᠢᠳᠡᠪᠬᠢᠵᠢᠵᠦ ᠪᠤᠢ ᠶᠢ ᠮᠣᠩᠭᠣᠯ ᠤᠨ ᠲᠠᠯ᠎ᠠ ᠲᠡᠮᠳᠡᠭᠯᠡᠪᠡ᠃ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠶᠢ ᠬᠠᠮᠲᠤᠷᠠᠨ ᠲᠡᠮᠳᠡᠭᠯᠡᠬᠦ ᠬᠦᠷᠢᠶᠡᠨ ᠳᠦ ᠲᠦᠪᠡᠳ ᠦᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠮᠸᠩ ᠰᠢᠶᠤᠤ ᠯᠢᠨ ᠲᠡᠷᠢᠭᠦᠲᠡᠢ ᠲᠥᠯᠥᠭᠡᠯᠡᠭᠴᠢᠳ ᠥᠩᠭᠡᠷᠡᠭᠰᠡᠨ 9 ᠳ᠋ᠤᠭᠡᠷ ᠰᠠᠷ᠎ᠠ ᠳᠤ ᠮᠣᠩᠭᠣᠯ ᠤᠯᠤᠰ ᠲᠤ ᠵᠣᠴᠢᠯᠠᠵᠤ᠂ ᠤᠯᠠᠭᠠᠨᠪᠠᠭᠠᠲᠤᠷ ᠲᠤ ᠭᠡᠷᠡᠯ ᠵᠢᠷᠤᠭ ᠤᠨ ᠦᠵᠡᠰᠬᠦᠯᠡᠩ᠂ ᠤᠷᠠᠯᠢᠭ ᠤᠨ ᠲᠣᠭᠯᠠᠯᠲᠠ ᠵᠡᠷᠭᠡ ᠰᠤᠶᠤᠯ ᠤᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠤᠭᠰᠠᠨ ᠢ ᠲᠠᠯ᠎ᠠ ᠨᠤᠭᠤᠳ ᠣᠨᠴᠠᠯᠠᠨ ᠲᠡᠮᠳᠡᠭᠯᠡᠪᠡ᠃ ᠴᠢᠨᠠᠭᠰᠢᠳᠠ ᠬᠣᠶᠠᠷ ᠲᠠᠯ᠎ᠠ ᠰᠤᠶᠤᠯ᠂ ᠪᠣᠯᠪᠠᠰᠤᠷᠠᠯ᠂ ᠤᠯᠠᠮᠵᠢᠯᠠᠯᠲᠤ ᠡᠮᠨᠡᠯᠭᠡ᠂ ᠱᠠᠰᠢᠨ ᠤ ᠵᠠᠩ ᠦᠢᠯᠡ ᠵᠡᠷᠭᠡ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠲᠠᠢ ᠭᠡᠵᠦ ᠦᠵᠡᠪᠡ᠃

ᠰᠡᠳᠬᠢᠭᠳᠡᠯ ᠦᠯᠡᠳᠡᠭᠡᠬᠦ