︽ᠮᠣᠩᠭᠣᠯ ᠤᠯᠤᠰ ᠤᠨ ᠮᠢᠬᠠᠨ ᠤ ᠰᠠᠯᠪᠤᠷᠢ︾ ᠰᠡᠳᠦᠪᠲᠦ ᠠᠭᠤᠯᠵᠠᠯᠲᠠ ᠪᠣᠯᠤᠯ᠎ᠠ  | News.MN

 ︽ᠮᠣᠩᠭᠣᠯ ᠤᠯᠤᠰ ᠤᠨ ᠮᠢᠬᠠᠨ ᠤ ᠰᠠᠯᠪᠤᠷᠢ︾ ᠰᠡᠳᠦᠪᠲᠦ ᠠᠭᠤᠯᠵᠠᠯᠲᠠ ᠪᠣᠯᠤᠯ᠎ᠠ 

︽ᠮᠣᠩᠭᠣᠯ ᠤᠯᠤᠰ ᠤᠨ ᠮᠢᠬᠠᠨ ᠤ ᠰᠠᠯᠪᠤᠷᠢ︾ ᠰᠡᠳᠦᠪ ᠢᠶᠡᠷ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠵᠥᠪᠯᠡᠯᠳᠦᠬᠦ ᠠᠭᠤᠯᠵᠠᠯᠲᠠ 2019 ᠣᠨ ᠤ 10 ᠳ᠋ᠤᠭᠠᠷ ᠰᠠᠷ᠎ᠠ ᠶᠢᠨ 14 ᠍ ᠦ ᠡᠳᠦᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠵᠸᠨᠡᠪ  ᠲᠡᠬᠢ ᠲᠥᠪ ᠪᠣᠯᠤᠨ ᠣᠯᠠᠨ ᠤᠯᠤᠰ ᠤᠨ ᠪᠤᠰᠤᠳ ᠪᠠᠶᠢᠭᠤᠯᠤᠯᠭ᠎ᠠ ᠶᠢᠨ ᠳᠡᠷᠭᠡᠳᠡ ᠰᠠᠭᠤᠭ᠎ᠠ ᠮᠣᠩᠭᠣᠯ ᠤᠯᠤᠰ ᠤᠨ ᠪᠠᠶᠢᠩᠭᠤ ᠶᠢᠨ ᠲᠥᠯᠥᠭᠡᠯᠡᠭᠴᠢ ᠶᠢᠨ ᠭᠠᠵᠠᠷ ᠲᠤ ᠪᠣᠯᠪᠠ᠃  ᠵᠥᠪᠯᠡᠯᠳᠦᠬᠦ ᠠᠭᠤᠯᠵᠠᠯᠲᠠ ᠶᠢᠨ ᠵᠣᠷᠢᠯᠭ᠎ᠠ ᠮᠣᠩᠭᠣᠯ ᠤᠯᠤᠰ ᠤᠨ ᠮᠠᠯ ᠠᠵᠤ ᠠᠬᠤᠢ᠂ ᠲᠡᠷᠡ ᠳᠤᠮᠳᠠ ᠪᠠᠨ ᠮᠢᠬᠠᠨ ᠤ ᠰᠠᠯᠪᠤᠷᠢ ᠶᠢᠨ ᠥᠨᠥ ᠶᠢᠨ ᠪᠠᠶᠢᠳᠠᠯ᠂ ᠤᠴᠠᠷᠠᠵᠤ ᠪᠤᠢ ᠰᠣᠷᠢᠯᠲᠠ ᠨᠤᠭᠤᠳ᠂ ᠣᠯᠠᠨ ᠤᠯᠤᠰ ᠤᠨ ᠪᠠᠶᠢᠭᠤᠯᠤᠯᠭ᠎ᠠ ᠲᠠᠢ ᠡᠨᠡ ᠰᠠᠯᠪᠤᠷᠢ ᠳᠤ ᠦᠷᠨᠢᠭᠦᠯᠵᠦ ᠪᠤᠢ ᠬᠠᠮᠲᠤ ᠶᠢᠨ ᠠᠵᠢᠯᠯᠠᠭ᠎ᠠ᠂ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠢᠯᠡᠭᠦᠦ ᠦᠷ᠎ᠡ ᠳ᠋ᠦᠩ ᠲᠡᠢ ᠪᠣᠯᠭᠠᠬᠤ ᠲᠠᠯ᠎ᠠ ᠪᠠᠷ ᠰᠠᠨᠠᠯ ᠰᠣᠯᠢᠯᠴᠠᠬᠤ ᠳᠤ ᠤᠷᠤᠰᠢᠪᠡ᠃
ᠵᠥᠪᠯᠡᠯᠳᠦᠬᠦ ᠠᠭᠤᠯᠵᠠᠯᠲᠠ ᠶᠢ ᠮᠣᠩᠭᠣᠯ ᠤᠯᠤᠰ ᠠᠴᠠ ᠵᠸᠨᠡᠪ  ᠲᠡᠬᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠥᠯᠥᠭᠡᠯᠡᠭᠴᠢ ᠯ ∙ ᠫᠦᠷᠪᠦᠰᠦ᠋ᠷᠦᠩ ᠠᠬᠠᠯᠠᠵᠤ᠂ ᠬᠦᠨᠡᠰᠦ ᠬᠥᠳᠡᠭᠡ ᠠᠵᠤ ᠠᠬᠤᠢᠬ ᠥᠩᠭᠡᠨ ᠦᠢᠯᠡᠳᠪᠦᠷᠢ ᠶᠢᠨ ᠶᠠᠮᠤᠨ ᠂ WTO᠂ UNCTAD᠂ UNFAO᠂ UNEP᠂ UNECE  ᠵᠡᠷᠭᠡ ᠪᠠᠶᠢᠭᠤᠯᠤᠯᠭ᠎ᠠ ᠪᠣᠯᠤᠨ ITC᠍ ᠡᠴᠡ ᠲᠥᠯᠥᠭᠡᠯᠡᠭᠴᠢᠳ ᠤᠷᠤᠯᠴᠠᠪᠠ᠃ ᠲᠥᠯᠥᠭᠡᠯᠡᠭᠴᠢᠳ ᠮᠠᠨ ᠤ ᠤᠯᠤᠰ ᠤᠨ ᠮᠢᠬ᠎ᠠ᠂ ᠮᠢᠬᠠᠨ ᠤ ᠰᠠᠯᠪᠤᠷᠢ ᠳᠤ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ ᠨᠦᠭᠦᠳ ᠢᠶᠡᠨ ᠲᠠᠨᠢᠯᠴᠠᠭᠤᠯᠤᠨ ᠮᠢᠬᠠᠨ ᠤ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠪᠣᠷᠣᠯᠠᠭᠤᠯᠤᠯᠲᠠ ᠳᠤ ᠲᠤᠯᠭᠠᠮᠳᠠᠵᠤ ᠪᠠᠶᠢᠭ᠎ᠠ ᠠᠰᠠᠭᠤᠳᠠᠯ ᠤᠳ᠂ ᠬᠦᠨᠳᠦᠷᠡᠯ ᠪᠡᠷᠬᠡᠰᠢᠶᠡᠯ ᠦᠳ᠂ ᠡᠳᠡᠭᠡᠷ ᠢ ᠳᠠᠪᠠᠵᠤ ᠭᠠᠷᠬᠤ ᠠᠷᠭ᠎ᠠ ᠵᠠᠮ᠂ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠴᠢᠭᠯᠡᠯ ᠢᠶᠡᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ