ᠰᠠᠶ᠎ᠠ ᠵᠢᠭᠤᠯᠴᠢᠨ ᠠᠪᠬᠤ ᠵᠣᠷᠢᠯᠲᠠ ᠪᠠᠨ 1.5 ᠰᠠᠶ᠎ᠠ ᠪᠣᠯᠭᠠᠪᠠ  | News.MN

ᠰᠠᠶ᠎ᠠ ᠵᠢᠭᠤᠯᠴᠢᠨ ᠠᠪᠬᠤ ᠵᠣᠷᠢᠯᠲᠠ ᠪᠠᠨ 1.5 ᠰᠠᠶ᠎ᠠ ᠪᠣᠯᠭᠠᠪᠠ 

ᠮᠣᠩᠭᠣᠯ ᠤᠯᠤᠰ 2020 ᠣᠨ ᠭᠡᠬᠦ ᠳᠦ ᠰᠠᠶ᠎ᠠ ᠵᠢᠭᠤᠯᠴᠢᠨ ᠬᠦᠯᠢᠶᠡᠨ ᠠᠪᠴᠤ᠂ ᠡᠨᠡ ᠰᠠᠯᠪᠤᠷᠢ ᠠᠴᠠ ᠲᠡᠷᠪᠤᠮ ᠳ᠋ᠣᠯᠯᠠᠷ ᠤᠨ ᠣᠷᠣᠯᠭ᠎ᠠ ᠤᠯᠬᠤ ᠵᠣᠷᠢᠯᠲᠠ ᠲᠠᠯᠪᠢᠭᠠᠳ ᠬᠡᠳᠦᠨ ᠣᠨ ᠢ ᠦᠳᠡᠵᠦ ᠪᠠᠶᠢᠨ᠎ᠠ᠃ ᠲᠣᠳᠣᠷᠠᠭᠤᠯᠪᠠᠯ᠂ ᠮᠣᠩᠭᠣᠯ ᠤᠯᠤᠰ ᠠᠩᠬ᠎ᠠ 2015 ᠣᠨ ᠳᠤ ᠭᠡᠬᠦ ᠳᠦ ᠰᠠᠶ᠋ᠢ ᠵᠢᠭᠤᠯᠴᠢᠨ ᠮᠥᠷᠥᠭᠡᠳᠴᠦ ᠪᠠᠶᠢᠯ᠎ᠠ᠃ ᠭᠡᠪᠡᠴᠦ ᠪᠡᠶᠡᠯᠡᠭᠡ ᠦᠭᠡᠢ ᠲᠤᠯᠠ ᠬᠤᠭᠤᠴᠠᠭ᠎ᠠ ᠶᠢ ᠰᠤᠩᠭᠠᠵᠤ᠂ 2020 ᠣᠨ ᠳᠤ ᠰᠠᠶ᠎ᠠ ᠵᠢᠭᠤᠯᠴᠢᠨ ᠬᠦᠯᠢᠶᠡᠨ ᠠᠪᠴᠤ᠂ 1.1 ᠲᠡᠷᠪᠤᠮ ᠳ᠋ᠣᠯᠯᠠᠷ ᠪᠤᠶᠤ 2.8 ᠶᠡᠬᠡ ᠨᠠᠶᠤᠳ ᠤᠨ ᠣᠷᠣᠯᠭ᠎ᠠ ᠣᠯᠬᠤ ᠪᠠᠷ ᠲᠥᠯᠥᠪᠯᠡᠭᠰᠡᠨ᠃ ᠡᠨᠡ ᠲᠠᠯ᠎ᠠ ᠪᠠᠷ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠤ ᠰᠠᠶᠢᠳ ᠨ∙ᠴᠡᠷᠡᠩᠪᠠᠲᠤ ᠄2020 ᠣᠨ ᠭᠡᠬᠦ ᠳᠦ ᠭᠠᠳᠠᠭᠠᠳᠤ ᠶᠢᠨ ᠨᠢᠭᠡ ᠰᠠᠶ᠎ᠠ ᠵᠢᠭᠤᠯᠴᠢᠨ ᠬᠦᠯᠢᠶᠡᠨ ᠠᠪᠬᠤ ᠪᠠᠷ ᠵᠣᠷᠢᠵᠤ ᠪᠠᠶᠢᠨ᠎ᠠ᠃ ᠡᠶᠢᠮᠦ ᠪᠣᠯᠤᠮᠵᠢ ᠴᠤ ᠪᠤᠢ᠃ ᠮᠣᠩᠭᠣᠯ ᠤᠯᠤᠰ ᠤᠨ ᠢᠶᠠᠨ ᠲᠠᠯ᠎ᠠ ᠪᠠᠷ ᠲᠠᠭ᠎ᠠ ᠦᠭᠡᠢ ᠮᠡᠳᠡᠭᠡᠯᠡᠯ ᠭᠠᠷᠭᠠᠬᠤ ᠪᠣᠯᠭᠠᠨ ᠳᠤ ᠢᠷᠡᠬᠦ ᠵᠢᠭᠤᠯᠴᠢᠳ ᠤᠨ ᠲᠣᠭ᠎ᠠ ᠪᠠᠭᠠᠰᠤᠨ᠎ᠠ ᠭᠡᠳᠡᠭ ᠢ ᠤᠶᠢᠯᠠᠭᠠᠬᠤ ᠬᠡᠷᠡᠭᠲᠡᠢ᠃ ᠭᠡᠬᠦ ᠳᠦ ᠪᠡᠨ ᠪᠢᠳᠡ ᠰᠠᠶᠢᠬᠠᠨ ᠪᠠᠶᠢᠭ᠎ᠠ ᠭᠡᠵᠦ ᠬᠡᠯᠡᠵᠦ ᠴᠢᠳᠠᠬᠤ ᠦᠭᠡᠢ ᠴᠤ ᠳᠡᠪᠰᠢᠯ ᠠᠬᠢᠴᠠ ᠭᠠᠷᠴᠤ ᠪᠠᠶᠢᠨ᠎ᠠ᠃ ᠠᠶᠠᠯᠠᠯ ᠵᠢᠭᠤᠯᠴᠢᠯᠠᠯ ᠤᠨ  ᠪᠦᠰᠡ ᠨᠤᠭᠦᠳ ᠲᠦ ᠠᠷᠢᠭᠤᠨ ᠴᠡᠪᠡᠷ ᠦᠨ ᠪᠠᠶᠢᠭᠤᠯᠤᠮᠵᠢ ᠶᠢᠨ ᠴᠢᠨᠠᠷ ᠰᠲ᠋ᠠᠨᠳᠠᠷᠲ ᠢ ᠰᠠᠶᠢᠵᠢᠷᠠᠭᠤᠯᠤᠭᠰᠠᠨ᠃ ᠭᠡᠬᠦ ᠳᠦ ᠪᠡᠨ ᠬᠠᠩᠭᠠᠯᠲᠠ ᠲᠠᠢ ᠲᠦᠪᠰᠢᠨ ᠳᠦ ᠬᠦᠷᠴᠦ ᠴᠢᠳᠠᠭ᠎ᠠ ᠦᠭᠡᠢ ᠪᠠᠶᠢᠭ᠎ᠠ ᠶᠢ ᠬᠡᠯᠡᠶ᠎ᠡ᠃ ᠮᠥᠨ ᠭᠠᠳᠠᠭᠠᠳᠤ ᠶᠢᠨ ᠵᠢᠭᠤᠯᠴᠢᠳ ᠢ ᠬᠦᠯᠢᠶᠡᠨ ᠠᠪᠬᠤ ᠳᠤ ᠦᠢᠯᠡᠴᠢᠯᠡᠭᠡᠨ ᠦ ᠪᠡᠨ ᠴᠢᠨᠠᠷ ᠢ ᠰᠠᠶᠢᠵᠢᠷᠠᠭᠤᠯᠬᠤ ᠶᠢᠨ ᠲᠤᠯᠠᠳᠠ ᠰᠠᠯᠪᠤᠷᠢ ᠶᠠᠮᠤᠨ᠂ ᠵᠠᠰᠠᠭ ᠤᠨ ᠭᠠᠵᠠᠷ ᠤᠨ 2019-2020 ᠣᠨ ᠤ ᠮᠥᠷ ᠦᠨ ᠬᠥᠲᠥᠯᠪᠦᠷᠢ ᠳᠦ ᠲᠤᠰᠬᠠᠭᠰᠠᠨ ᠠᠶᠠᠯᠠᠯ ᠵᠢᠭᠤᠯᠴᠢᠯᠠᠯ ᠤᠨ ᠦᠢᠯᠡᠴᠢᠯᠡᠭᠡᠨ ᠦ ᠴᠢᠨᠠᠷ ᠢ ᠳᠡᠭᠡᠭᠰᠢᠯᠡᠭᠦᠯᠬᠦ ᠵᠢᠭᠠᠯᠲᠠ ᠶᠢᠨ ᠳᠠᠭᠠᠤ ᠡᠨᠡ ᠵᠢᠯ ᠠᠶᠠᠯᠠᠯ ᠵᠢᠭᠤᠯᠴᠢᠯᠠᠯ ᠤᠨ ᠶᠢᠰᠦᠨ ᠠᠵᠢᠯ ᠤᠨ ᠪᠠᠶᠢᠷᠢᠨ ᠳᠤ ᠣᠷᠣᠨ ᠳᠠᠶᠠᠭᠠᠷ ᠦᠨ᠎ᠡ ᠲᠥᠯᠦᠪᠦᠷᠢ ᠦᠭᠡᠢ ᠰᠤᠷᠭᠠᠯᠲᠠ ᠬᠢᠭᠡᠳ ᠶᠠᠪᠤᠵᠤ ᠪᠠᠶᠢᠨ᠎ᠠ᠃ ᠣᠳᠣ ᠶᠢᠨ ᠪᠠᠶᠢᠳᠠᠯ ᠢᠶᠠᠷ 10 ᠮᠢᠩᠭ᠎ᠠ ᠭᠠᠷᠤᠢ ᠬᠡᠯᠡᠮᠦᠷᠴᠢ ᠦᠨ᠎ᠡ ᠲᠥᠯᠦᠪᠦᠷᠢ ᠦᠭᠡᠢ ᠰᠤᠷᠭᠠᠯᠲᠠ ᠳᠤ ᠬᠠᠮᠤᠷᠤᠭᠳᠠᠭᠠᠳ ᠪᠠᠶᠢᠨ᠎ᠠ ᠭᠡᠰᠡᠨ ᠪᠠᠶᠢᠳᠠᠭ᠃
ᠡᠨᠡ ᠣᠨ ᠤ ᠡᠬᠢᠨ ᠦ ᠶᠢᠰᠦᠨ ᠰᠠᠷ᠎ᠠ ᠶᠢᠨ ᠪᠠᠶᠢᠳᠠᠯ ᠢᠶᠠᠷ 477.9 ᠮᠢᠩᠭᠠᠨ ᠵᠢᠭᠤᠯᠴᠢᠨ ᠬᠦᠯᠢᠶᠡᠨ ᠠᠪᠴᠠᠢ᠃ ᠡᠨᠡ ᠨᠢ ᠡᠮᠦᠨᠡᠬᠢ ᠣᠨ ᠤ ᠮᠥᠨ ᠦᠶ᠎ᠡ ᠡᠴᠡ 46.2 ᠮᠢᠩᠭ᠎ᠠ ᠪᠠᠷ ᠥᠰᠦᠭᠰᠡᠨ ᠲᠣᠭ᠎ᠠ ᠶᠤᠮ᠃ 2017 ᠣᠨ ᠳᠤ ᠮᠣᠩᠭᠣᠯ ᠤᠯᠤᠰ ᠲᠤ ᠢᠷᠡᠭᠰᠡᠨ ᠵᠢᠭᠤᠯᠴᠢᠳ ᠤᠨ ᠲᠣᠭ᠎ᠠ 470 ᠮᠢᠩᠭ᠎ᠠ ᠳᠤ ᠬᠦᠷᠴᠦ᠂ ᠰᠠᠯᠪᠤᠷᠢ ᠶᠢᠨ ᠣᠷᠣᠯᠭ᠎ᠠ 400 ᠮᠢᠩᠭᠠᠨ ᠳ᠋ᠣᠯᠯᠠᠷ ᠢ ᠳᠠᠪᠠᠭᠰᠠᠨ᠃ ᠬᠠᠷᠢᠨ 2018 ᠣᠨ ᠳᠤ 10 ᠭᠠᠷᠤᠢ  ᠬᠤᠪᠢ ᠪᠠᠷ ᠥᠰᠴᠦ᠂ 529 ᠮᠢᠩᠭ᠎ᠠ ᠳᠤ ᠬᠦᠷᠴᠦ᠂ ᠬᠥᠷᠥᠩᠭᠡ ᠣᠷᠣᠭᠤᠯᠤᠯᠲᠠ ᠨᠢ 569 ᠮᠢᠩᠭᠠᠨ ᠳ᠋ᠣᠯᠯᠠᠷ ᠬᠦᠷᠴᠦ ᠳᠠᠷᠤᠢ 30 ᠭᠠᠷᠤᠢ ᠬᠤᠪᠢ ᠪᠠᠨ ᠥᠰᠦᠭᠰᠡᠨ᠃ ᠡᠨᠡ ᠨᠥᠬᠥᠴᠡᠯ ᠪᠠᠶᠢᠳᠠᠯ ᠠᠴᠠ ᠬᠠᠷᠠᠪᠠᠯ 2020 ᠣᠨ ᠳᠤ ᠮᠣᠩᠭᠣᠯ ᠤᠯᠤᠰ ᠲᠤ ᠢᠷᠡᠬᠦ ᠵᠢᠭᠤᠯᠴᠢᠨ ᠤ ᠲᠣᠭ᠎ᠠ ᠵᠣᠷᠢᠭᠰᠠᠨ ᠰᠠᠶ᠎ᠠ ᠳᠤ ᠬᠦᠷᠬᠦ ᠦᠭᠡᠢ᠃ ᠭᠡᠰᠡᠨ ᠴᠤ ᠮᠣᠩᠭᠣᠯ ᠤᠯᠤᠰ ᠰᠠᠶ᠎ᠠ ᠵᠢᠭᠤᠯᠴᠢᠨ ᠬᠦᠯᠢᠶᠡᠨ ᠠᠪᠬᠤ ᠵᠣᠷᠢᠯᠲᠠ ᠠᠴᠠ ᠪᠠᠨ ᠪᠤᠴᠠᠬᠤ ᠦᠭᠡᠢ᠃ ᠬᠠᠷᠢᠨ ᠴᠤ ᠢᠷᠡᠬᠦ ᠳᠥᠷᠪᠡᠨ ᠵᠢᠯ ᠪᠤᠶᠤ 2021-2024 ᠣᠨ ᠳᠤ 1.5 ᠰᠠᠶ᠎ᠠ ᠵᠢᠭᠤᠯᠴᠢᠨ ᠬᠦᠯᠢᠶᠡᠨ ᠠᠪᠴᠤ᠂ ᠰᠠᠯᠪᠤᠷᠢ ᠶᠢᠨ ᠣᠷᠣᠯᠭ᠎ᠠ ᠶᠢ 1.6 ᠲᠡᠷᠪᠤᠮ ᠳ᠋ᠣᠯᠯᠠᠷ ᠲᠤ ᠬᠦᠷᠭᠡᠬᠦ ᠪᠡᠷ ᠵᠣᠷᠢᠵᠠᠢ᠃ ᠡᠭᠦᠨ ᠢ ᠥᠨᠥᠳᠥᠷ ᠪᠣᠯᠤᠭᠰᠠᠨ ᠵᠠᠰᠠᠭ ᠤᠨ ᠭᠠᠵᠠᠷ ᠤᠨ ᠥᠷᠭᠡᠳᠬᠡᠭᠰᠡᠨ ᠬᠤᠷᠠᠯᠳᠤᠭᠠᠨ ᠢᠶᠠᠷ ᠮᠣᠩᠭᠣᠯ ᠤᠯᠤᠰ ᠤᠨ ᠤᠷᠲᠤ ᠪᠣᠯᠤᠨ ᠪᠣᠭᠣᠨᠢ ᠬᠤᠭᠤᠴᠠᠭᠠᠨ ᠤ ᠵᠣᠷᠢᠯᠲᠠ ᠶᠢ ᠬᠡᠯᠡᠯᠴᠡᠬᠦ ᠦᠶ᠎ᠡ ᠪᠡᠷ ᠰᠢᠢᠳᠪᠦᠷᠢᠯᠡᠭᠰᠡᠨ ᠪᠠᠶᠢᠨ᠎ᠠ᠃  ᠰᠠᠶ᠎ᠠ ᠵᠢᠭᠤᠯᠴᠢᠨ ᠤ ᠮᠥᠷᠥᠭᠡᠳᠦᠯ 2020 ᠣᠨ ᠳᠤ ᠪᠠᠨ ᠪᠡᠶᠡᠯᠡᠬᠦ ᠦᠭᠡᠢ ᠴᠤ ᠡᠮᠦᠨᠡᠬᠢ ᠵᠢᠯ ᠦᠳ ᠦᠨ ᠵᠢᠭᠤᠯᠴᠢᠳ ᠤᠨ ᠥᠰᠦᠯᠲᠡ ᠶᠢ ᠬᠠᠷᠠᠬᠤ ᠳᠤ ᠢᠷᠡᠬᠦ ᠳᠥᠷᠪᠡᠨ ᠵᠢᠯ ᠳᠦ ᠪᠡᠨ ᠪᠣᠯ ᠪᠡᠶᠡᠯᠡᠨ᠎ᠡ᠃

ᠰᠡᠳᠬᠢᠭᠳᠡᠯ ᠦᠯᠡᠳᠡᠭᠡᠬᠦ