ᠰᠤᠶᠤᠯ ᠤᠷᠠᠯᠢᠭ ᠢᠶᠠᠷ ᠳᠠᠮᠵᠢᠭᠤᠯᠤᠨ ᠬᠥᠳᠡᠯᠮᠦᠷᠢ ᠶᠢᠨ ᠠᠶᠤᠯᠭᠦᠢ ᠪᠠᠶᠢᠳᠠᠯ ᠤᠨ ᠳᠦᠷᠢᠮ ᠵᠢᠷᠤᠮ᠂ ᠵᠢᠭᠠᠪᠤᠷᠢᠴᠢᠯᠠᠭ᠎ᠠ ᠶᠢ ᠨᠡᠶᠢᠲᠡ ᠠᠵᠢᠯᠴᠢᠳ ᠲᠤ ᠪᠠᠨ ᠬᠦᠷᠭᠡᠬᠦ ᠵᠣᠷᠢᠯᠭ᠎ᠠ ᠲᠠᠢ SAFETY FIRST-2019 ᠲᠡᠮᠡᠴᠡᠭᠡᠨ ᠢ ᠡᠷᠳᠡᠨᠢᠲᠦ ᠦᠢᠯᠡᠳᠪᠦᠷᠢ ᠵᠣᠬᠢᠶᠠᠨ ᠪᠠᠶᠢᠭᠤᠯᠤᠯ᠎ᠠ᠃ ᠲᠡᠮᠡᠴᠡᠭᠡᠨ ᠤᠰᠤ ᠬᠠᠩᠭᠠᠮᠵᠢ ᠶᠢᠨ ᠴᠸᠾ᠂ ᠡᠷᠳᠡᠨᠢᠲᠦ ᠰᠤᠪᠢᠯᠠᠯ ᠤᠨ ᠴᠣᠭᠴᠠᠯᠠᠪᠤᠷᠢ ᠶᠢᠨ ᠲᠣᠭᠯᠠᠯᠲᠠ ᠪᠠᠷ ᠡᠬᠢᠯᠡᠵᠦ᠂ ᠪᠠᠭ ᠤᠳ ᠠᠰᠠᠭᠤᠯᠲᠠ ᠬᠠᠷᠢᠭᠤᠯᠲᠠ᠂ ᠠᠶᠤᠯ᠂ ᠲᠡᠭᠦᠨ ᠦ ᠦᠷ᠎ᠡ ᠳᠠᠭᠠᠪᠤᠷᠢ ᠶᠢ ᠲᠣᠭᠲᠠᠭᠠᠬᠤ ᠳᠠᠭᠠᠭᠠᠯᠭᠠᠪᠤᠷᠢ ᠨᠤᠭᠤᠳ ᠠᠴᠠ ᠭᠠᠳᠠᠨ᠎ᠠ ︽ᠠᠶᠤᠯᠭᠦᠢ ᠠᠵᠢᠯᠯᠠᠬᠤ ᠰᠤᠶᠤᠯ︾ ᠰᠡᠳᠦᠪ ᠢᠶᠡᠷ ᠤᠷᠠᠯᠢᠭ ᠤᠨ ᠦᠵᠡᠭᠦᠯᠪᠦᠷᠢ ᠦᠵᠡᠭᠦᠯᠦᠯ᠎ᠡ᠃ ᠲᠡᠮᠡᠴᠡᠭᠡᠨ ᠬᠥᠭᠵᠢᠶᠡᠨ ᠳᠡᠮᠵᠢᠭᠴᠢᠳ ᠦᠨ ᠳᠤᠮᠳᠠ ᠠᠰᠠᠭᠤᠯᠲᠠ ᠬᠠᠷᠢᠭᠤᠯᠲᠠ ᠪᠠᠷ ᠦᠷᠭᠦᠯᠵᠢᠯᠡᠵᠦ ᠲᠡᠳᠡᠨ ᠦ ᠣᠷᠣᠯᠴᠠᠭ᠎ᠠ᠂ᠢᠷᠡᠴᠡ ᠶᠢ ᠬᠠᠷᠠᠭᠠᠯᠵᠠᠨ ᠦᠵᠡᠵᠦ ᠳᠡᠮᠵᠢᠵᠦ ᠪᠤᠢ ᠪᠠᠭ ᠲᠤ ᠨᠢ ᠣᠨᠣᠭ᠎ᠠ ᠨᠡᠮᠡᠵᠦ ᠥᠭᠭᠦᠭᠰᠡᠨ ᠪᠠᠶᠢᠨ᠎ᠠ᠃
ᠡᠨᠡᠬᠦ ᠲᠡᠮᠡᠴᠡᠭᠡᠨ ᠳᠦ ᠵᠢᠯ ᠳᠦ 100 ᠭᠠᠷᠤᠢ ᠠᠵᠢᠯᠲᠠᠨ᠂ ᠠᠯᠪᠠᠨ ᠬᠠᠭᠠᠭᠴᠢ ᠣᠷᠣᠯᠴᠠᠳᠠᠭ ᠪᠣᠯ ᠬᠥᠭᠵᠢᠶᠡᠨ ᠳᠡᠮᠵᠢᠭᠴᠢ ᠪᠡᠷ ᠨᠢᠭᠡ ᠤᠳᠠᠭ᠎ᠠ ᠶᠢᠨ ᠲᠣᠭᠯᠠᠯᠲᠠ ᠶᠢ 450 ᠭᠠᠷᠤᠢ ᠠᠵᠢᠯᠲᠠᠨ ᠦᠵᠡᠵᠦ᠂ ᠬᠥᠳᠡᠯᠮᠦᠷᠢ ᠶᠢᠨ ᠠᠶᠤᠯᠭᠦᠢ ᠪᠠᠶᠢᠳᠠᠯ ᠨᠡᠩ ᠴᠢᠬᠤᠯᠠ ᠭᠡᠰᠡᠨ ᠣᠶᠢᠯᠠᠭᠠᠯᠲᠠ ᠶᠢ ᠣᠯᠠᠨ ᠨᠡᠶᠢᠲᠡ ᠳᠦ ᠲᠦᠭᠡᠭᠡᠳᠡᠭ᠃ ᠲᠤᠰ ᠦᠢᠯᠡᠳᠪᠦᠷᠢ SAFETY FIRST ᠲᠡᠮᠡᠴᠡᠭᠡᠨ ᠢ 1996 ᠣᠨ ᠠᠴᠠ ᠬᠣᠶᠢᠰᠢ ᠲᠠᠰᠤᠷᠠᠯᠲᠠ ᠦᠭᠡᠢ 23 ᠳ᠋ᠡᠬᠢ ᠵᠢᠯ ᠳᠦ ᠪᠡᠨ ᠵᠣᠬᠢᠶᠠᠨ ᠪᠠᠶᠢᠭᠤᠯᠵᠤ ᠪᠠᠶᠢᠭ᠎ᠠ ᠶᠤᠮ᠃