38 ᠲᠥᠷᠥᠯ ᠦᠨ ᠲᠥᠯᠥᠪᠦᠷᠢ ᠶᠢ ebarimt ᠠᠰᠢᠭᠯᠠᠨ ᠲᠦᠯᠦᠨ᠎ᠡ  | News.MN

38 ᠲᠥᠷᠥᠯ ᠦᠨ ᠲᠥᠯᠥᠪᠦᠷᠢ ᠶᠢ ebarimt ᠠᠰᠢᠭᠯᠠᠨ ᠲᠦᠯᠦᠨ᠎ᠡ 

ᠲᠥᠷᠥ ᠶᠢᠨ ᠦᠢᠯᠡᠴᠢᠯᠡᠭᠡ ᠶᠢ ᠲᠦᠷᠭᠡᠨ ᠰᠢᠭᠤᠷᠬᠠᠢ᠂ ᠴᠢᠷᠦᠭᠳᠡᠯ ᠦᠭᠡᠢ ᠬᠦᠷᠭᠡᠬᠦ ᠵᠣᠷᠢᠯᠭ᠎ᠠ ᠪᠠᠷ ᠰᠠᠩ ᠤᠨ ᠶᠠᠮᠤᠨ᠂ ᠭᠠᠶᠢᠯᠢ᠂ ᠲᠠᠲᠠᠪᠤᠷᠢ᠂ ᠰᠠᠩᠬᠦᠦ ᠶᠢᠨ ᠮᠡᠳᠡᠭᠡᠯᠡᠯ ᠦᠨ ᠲᠧᠭᠨᠣᠯᠣᠭᠢ ᠶᠢᠨ ᠲᠥᠪ ᠬᠠᠮᠲᠤᠷᠠᠨ ᠲᠥᠷᠥ ᠶᠢᠨ ᠦᠢᠯᠡᠴᠢᠯᠡᠭᠡᠨ ᠦ ᠴᠠᠬᠢᠮ ᠲᠥᠯᠥᠪᠦᠷᠢ ᠲᠣᠭᠠᠴᠠᠭᠠᠨ ᠤ ᠰᠢᠰᠲ᠋ᠧᠮ ᠢ ᠨᠡᠪᠲᠡᠷᠡᠭᠦᠯᠵᠦ ᠪᠠᠶᠢᠨ᠎ᠠ᠃ ᠡᠨᠡ ᠳᠠᠭᠠᠤ ᠢᠷᠭᠡᠳ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ ᠠᠴᠠ ᠦᠵᠡᠭᠦᠯᠳᠡᠭ 38 ᠲᠥᠷᠥᠯ ᠦᠨ ᠦᠢᠯᠡᠴᠢᠯᠡᠭᠡ᠂ ᠯᠠᠪᠯᠠᠭᠠᠨ ᠤ ᠲᠥᠯᠥᠪᠦᠷᠢ ᠶᠢ ︽ᠴᠠᠬᠢᠮ ᠲᠥᠯᠥᠪᠦᠷᠢ ᠶᠢᠨ ᠪᠠᠷᠢᠮᠲᠠ ᠶᠢᠨ ᠰᠢᠰᠲ᠋ᠧᠮ︾ ᠪᠤᠶᠤ ebarimt APP ᠠᠰᠢᠭᠯᠠᠨ ᠭᠠᠷ ᠤᠲᠠᠰᠤᠨ ᠠᠴᠠ ᠪᠠᠨ ᠢᠨᠲᠸᠷᠨᠧᠲ ᠪᠠᠩᠬᠢ ᠪᠠᠷ ᠤᠯᠭᠤᠬᠤ ᠪᠣᠯᠤᠮᠵᠢ ᠲᠠᠢ ᠭᠡᠰᠡᠨ ᠦᠭᠡ ᠶᠤᠮ᠃ ᠴᠢᠨᠠᠭᠰᠢᠳᠠ 185 ᠲᠥᠷᠥᠯ ᠦᠨ ᠦᠢᠯᠡᠴᠢᠯᠡᠭᠡ ᠪᠣᠯᠤᠨ ᠭᠠᠶᠢᠯᠢ᠂ ᠲᠠᠲᠠᠪᠤᠷᠢ᠂ ᠡᠷᠡᠭᠦᠯ ᠮᠡᠨᠳᠦ᠂ ᠰᠤᠶᠤᠯ ᠤᠷᠠᠯᠢᠭ ᠤᠨ ᠪᠠᠶᠢᠭᠤᠯᠤᠯᠭ᠎ᠠ ᠨᠤᠭᠤᠳ ᠲᠤ ᠦᠶ᠎ᠡ ᠱᠠᠲᠤ ᠲᠠᠢ  ᠡᠨᠡ  ᠲᠸᠭ᠍ᠨᠤᠯᠦᠭᠢ ᠶᠢ ᠨᠡᠪᠲᠡᠷᠡᠭᠦᠯᠬᠦ ᠪᠡᠷ ᠲᠥᠯᠥᠪᠯᠡᠵᠡᠢ᠃
ᠲᠣᠪᠴᠢ ᠮᠡᠳᠡᠭᠡ
– ᠶᠠᠫᠣᠨ ᠤᠯᠤᠰ ᠤᠨ ᠴᠶᠦᠪᠦ᠂ ᠺᠠᠨᠲ᠋ᠣ᠂ ᠲᠣᠬᠣᠺᠦ᠋ ᠪᠥᠰᠡ ᠶᠢ ᠳᠠᠭᠠᠷᠢᠭᠰᠠᠨ ︽ᠬᠠᠭᠢᠪᠢᠰ︾ ᠬᠠᠷ᠎ᠠ ᠰᠢᠭᠤᠷᠭ᠎ᠠ᠂ ᠬᠦᠴᠦᠲᠡᠢ ᠠᠭᠠᠳᠠᠷ ᠪᠣᠷᠣᠭᠠᠨ ᠤ ᠤᠯᠠᠮ ᠠᠴᠠ ᠣᠯᠠᠨ ᠬᠦᠮᠦᠨ ᠦ ᠠᠮᠢ ᠡᠷᠡᠰᠳᠡᠵᠦ᠂ ᠡᠳ᠋ ᠮᠠᠲ᠋ᠧᠷᠢᠶᠠᠯ ᠤᠨ ᠶᠡᠬᠡ ᠬᠣᠬᠢᠷᠠᠯ ᠤᠴᠠᠷᠠᠭᠰᠠᠨ ᠲᠠᠢ ᠬᠣᠯᠪᠣᠭᠳᠠᠭᠤᠯᠤᠨ 100 ᠮᠢᠩᠭᠠᠨ ᠳ᠋ᠣᠯᠯᠠᠷ ᠲᠠᠢ ᠲᠡᠩᠴᠡᠬᠦ ᠬᠡᠮᠵᠢᠶᠡᠨ ᠦ ᠬᠦᠮᠦᠯᠢᠭ ᠦᠨ ᠲᠤᠰᠠᠯᠠᠮᠵᠢ ᠦᠵᠡᠭᠦᠯᠬᠦ ᠪᠡᠷ ᠪᠣᠯᠪᠠ᠃ ᠡᠨᠡ ᠰᠠᠷ᠎ᠠ ᠶᠢᠨ 15 ᠤ ᠪᠠᠶᠢᠳᠠᠯ ᠢᠶᠠᠷ 68 ᠬᠦᠮᠦᠨ ᠦ ᠠᠮᠢ ᠡᠷᠡᠰᠳᠡᠨ᠂ 15 ᠬᠦᠮᠦᠨ ᠰᠤᠷᠠᠭ ᠦᠭᠡᠢ ᠠᠯᠠᠭ᠎ᠠ ᠪᠣᠯᠵᠤ᠂ 212 ᠬᠦᠮᠦᠨ ᠭᠡᠮᠲᠦᠵᠦ ᠪᠡᠷᠲᠡᠵᠡᠢ᠃ ᠠᠪᠤᠷᠠᠬᠤ᠂ ᠰᠡᠷᠭᠦᠭᠡᠨ ᠪᠣᠰᠬᠠᠬᠤ ᠠᠵᠢᠯᠯᠠᠭᠠᠨ ᠳᠤ 110 ᠭᠠᠷᠤᠢ ᠮᠢᠩᠭᠠᠨ ᠠᠯᠪᠠᠨ ᠬᠠᠭᠠᠭᠴᠢ ᠣᠷᠣᠯᠴᠠᠵᠤ ᠪᠠᠶᠢᠨ᠎ᠠ᠃
– ᠮᠣᠩᠭᠣᠯ ᠤᠯᠤᠰ ᠤᠨ ᠵᠠᠰᠠᠭ ᠤᠨ ᠭᠠᠵᠠᠷ᠂ ᠠᠽᠢᠶ᠎ᠠ ᠶᠢᠨ ᠬᠥᠭᠵᠢᠯ ᠦᠨ ᠪᠠᠩᠬᠢ ᠬᠠᠮᠲᠤᠷᠠᠨ ᠬᠡᠷᠡᠭᠵᠢᠭᠦᠯᠬᠦ ︽ᠡᠮᠵᠡᠭ ᠪᠦᠯᠦᠭ ᠦᠨ ᠢᠷᠭᠡᠳ ᠦᠨ ᠡᠷᠡᠭᠦᠯ ᠮᠡᠨᠳᠦ ᠶᠢᠨ ᠲᠤᠰᠠᠯᠠᠮᠵᠢ ᠦᠢᠯᠡᠴᠢᠯᠡᠭᠡᠨ ᠦ ᠬᠦᠷᠲᠡᠭᠡᠮᠵᠢ ᠶᠢ ᠰᠠᠶᠢᠵᠢᠷᠠᠭᠤᠯᠬᠤ ᠬᠥᠷᠥᠩᠭᠡ ᠣᠷᠣᠭᠤᠯᠤᠯᠲᠠ ᠶᠢᠨ ᠬᠥᠲᠥᠯᠪᠦᠷᠢ︾ ᠶᠢᠨ ᠰᠠᠩᠬᠦᠦᠵᠢᠯᠲᠡ ᠶᠢᠨ ᠶᠡᠷᠦᠩᠬᠡᠢ ᠬᠡᠯᠡᠯᠴᠡᠭᠡᠷ ᠢ ᠰᠣᠶᠣᠷᠬᠠᠨ ᠪᠠᠲᠤᠯᠠᠬᠤ ᠲᠤᠬᠠᠢ ᠬᠠᠤᠯᠢ ᠶᠢᠨ ᠲᠥᠰᠥᠯ ᠢ ᠳᠡᠮᠵᠢᠵᠦ ᠂ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠪᠠ᠃
–  ︽ᠡᠳ᠋ ᠦᠨ ᠵᠠᠰᠠᠭ ᠤᠨ ᠤᠳᠤᠷᠢᠳᠤᠯᠭ᠎ᠠ ᠶᠢ ᠳᠡᠮᠵᠢᠬᠦ ᠬᠥᠲᠥᠯᠪᠦᠷᠢ︾ ᠶᠢᠨ ᠬᠤᠶᠠᠳᠠᠬᠢ ᠱᠠᠲᠤᠨ ᠤ ᠬᠥᠭᠵᠢᠯ ᠦᠨ ᠪᠣᠳᠣᠯᠭ᠎ᠠ ᠶᠢᠨ ᠰᠠᠩᠬᠦᠦᠵᠢᠯᠲᠡ ᠶᠢᠨ ᠬᠦᠷᠢᠶᠡᠨ ᠳᠦ ᠮᠣᠩᠭᠣᠯ ᠤᠯᠤᠰ᠂ ᠣᠯᠠᠨ ᠤᠯᠤᠰ ᠤᠨ ᠬᠥᠭᠵᠢᠯ ᠦᠨ ᠠᠰᠰᠤᠼᠢᠶᠠᠼ ᠬᠣᠭᠣᠷᠣᠨᠳᠣ ᠪᠠᠶᠢᠭᠤᠯᠤᠭᠰᠠᠨ ᠰᠠᠩᠬᠦᠦᠵᠢᠯᠲᠡ ᠶᠢᠨ ᠬᠡᠯᠡᠯᠴᠡᠭᠡᠷ ᠪᠣᠯᠤᠨ ᠮᠣᠩᠭᠣᠯ ᠤᠯᠤᠰ᠂ ᠣᠯᠠᠨ ᠤᠯᠤᠰ ᠤᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢ ᠬᠣᠭᠣᠷᠣᠨᠳᠣ ᠪᠠᠶᠢᠭᠤᠯᠤᠭᠰᠠᠨ  ᠵᠢᠭᠡᠯᠡ ᠶᠢᠨ ᠭᠡᠷ᠎ᠡ ᠶᠢ ᠰᠣᠶᠣᠷᠬᠠᠨ ᠪᠠᠲᠤᠯᠠᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ  ᠡᠷᠭᠦᠨ ᠮᠡᠳᠡᠭᠦᠯᠬᠦ ᠪᠡᠷ ᠲᠣᠭᠲᠠᠪᠠ᠃
– ᠲᠥᠷᠥ ᠨᠡᠶᠢᠭᠡᠮ ᠤᠨ ᠨᠡᠷᠡᠲᠦ ᠵᠢᠳᠬᠦᠯᠲᠡᠨ᠂  ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠍ ᠤᠨ ᠪᠠᠭᠠᠲᠤᠷ᠂ ᠬᠥᠳᠡᠯᠮᠦᠷᠢ ᠶᠢᠨ ᠪᠠᠭᠠᠲᠤᠷ᠂ ᠮᠠᠷᠱᠠᠯ ᠶᠦ᠊∙ᠼᠡᠳᠡᠨᠪᠠᠯ ᠤᠨ ᠭᠠᠪᠢᠶ᠎ᠠ ᠵᠢᠳᠬᠦᠯ᠂ ᠠᠮᠢᠳᠤᠷᠠᠯ᠂ ᠲᠡᠦᠬᠡᠨ ᠦᠨᠡᠨ ᠢ ᠬᠠᠷᠠᠭᠤᠯᠤᠭᠰᠠᠨ ︽ᠲᠡᠦᠬᠡ ᠮᠠᠷᠲᠠᠬᠤ ᠦᠭᠡᠢ ︾ ᠪᠠᠷᠢᠮᠲᠠᠲᠤ᠂ ᠤᠷᠠᠨ ᠰᠠᠶᠢᠬᠠᠨ ᠤ ᠺᠢᠨᠣ᠋ ᠪᠦᠲᠦᠭᠡᠬᠦ ᠳᠦ ᠵᠣᠷᠢᠭᠤᠯᠵᠤ 500 ᠰᠠᠶ᠎ᠠ ᠲᠥᠭᠥᠷᠢᠭ ᠢ ᠨᠥᠭᠡᠴᠡ ᠰᠠᠩ ᠠᠴᠠ ᠭᠠᠷᠭᠠᠬᠤ ᠪᠠᠷ ᠪᠣᠯᠪᠠ᠃ ᠺᠢᠨᠣᠨ ᠤ ᠵᠢᠷᠤᠭ ᠠᠪᠤᠯᠲᠠ 89 ᠬᠤᠪᠢ ᠲᠠᠢ ᠪᠠᠶᠢᠭ᠎ᠠ ᠪᠥᠭᠡᠳ ᠮᠣᠩᠭᠣᠯ ᠂ ᠣᠷᠣᠰ ᠂ ᠬᠢᠲᠠᠳ ᠂ ᠡᠨᠡᠳᠬᠡᠭ ᠤᠯᠤᠰ᠍ ᠤᠨ  ᠵᠦᠴᠦᠭᠡᠴᠢᠳ᠂ ᠤᠷᠠᠨ ᠪᠦᠲᠦᠭᠡᠯᠴᠢᠳ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ